ᠬᠥᠬᠡᠭᠡ ᠡᠪᠦᠯ ᠤᠨ ᠬᠦᠢᠳᠡᠨ ᠴᠠᠭ ᠲᠤ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠪᠠᠢ ᠯᠠᠩ | ᠪᠠᠯᠭᠠᠰᠤ ᠠᠴᠠ ᠵᠡᠭᠦᠨ ᠡᠮᠦᠨ᠎ᠡ 10 ᠺᠢᠯᠤᠮᠧᠲᠷ ᠵᠠᠶᠢᠲᠠᠢ ᠪᠠᠶᠢᠭ᠎ᠠ ᠪᠠᠢ ᠯᠠᠩ ᠤᠷᠬᠢᠯ ᠤᠨ ᠦᠵᠡᠮᠵᠢ ᠶᠢᠨ ᠣᠷᠣᠨ | ᠮᠥᠩᠭᠦᠨ ᠴᠠᠭᠠᠨ ᠥᠩᠭᠡ ᠪᠠᠷ ᠬᠤᠴᠢᠭᠳᠠᠵᠤ ᠤᠷᠴᠢᠨ ᠲᠤᠭᠤᠷᠢᠨ ᠨᠠᠮ ᠵᠢᠮ ᠪᠠᠶᠢᠯ᠎ᠠ᠃ ᠪᠠᠢ ᠯᠠᠩ ᠣᠷᠭᠢᠯ | ᠳᠠᠯᠠᠶ ᠶᠢᠨ ᠲᠦᠪᠰᠢᠨ ᠠᠴᠠ ᠳᠡᠭᠡᠭᠰᠢ 1500 ᠭᠠᠷᠤᠢ ᠮᠧᠲᠷ ᠡᠷᠭᠦᠭᠳᠡᠵᠦ᠂ ᠣᠷᠭᠢᠯ ᠤᠨ ᠣᠷᠣᠢ ᠳᠤᠨᠢ 200 | ᠾᠧᠺᠲ᠋ᠠᠷ ᠰᠢᠬᠠᠮ ᠮᠥᠰᠥᠲᠦᠯᠭᠡ ᠶᠢᠨ ᠦᠯᠡᠳᠡᠭᠳᠡᠯ ᠲᠠᠢ᠃ ᠤᠷᠲᠤ ᠤᠳᠠᠭᠠᠨ ᠬᠤᠪᠢᠰᠤᠯᠲᠠ ᠶᠢᠨ ᠶᠠᠪᠤᠴᠠ ᠳᠤ᠂ | ᠶᠡᠭᠡ ᠪᠠᠶᠢᠭᠠᠯᠢ ᠶᠢᠨ ᠤᠷᠠᠨ ᠳᠠᠷᠬᠠᠨ ᠠᠴᠠ ᠪᠠᠢ ᠯᠠᠩ ᠣᠷᠭᠢᠯ ᠤᠨ ᠬᠠᠴᠢᠨ ᠭᠠᠶᠢᠬᠠᠮᠰᠢᠭᠲᠠᠢ ᠦᠵᠡᠮᠵᠢ ᠶᠢ | ᠪᠦᠲᠦᠭᠡᠭᠰᠡᠨ ᠶᠤᠮ᠃ ᠣᠳᠣᠬᠠᠨ ᠳᠤ᠂ ᠡ᠊ᠨᠳᠡᠬᠢ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ᠂ ᠮᠥᠰᠥ | ᠴᠠᠰᠤᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠡᠯᠡᠭᠦᠴᠡᠯ᠂ ᠵᠤᠭ᠎ᠠ ᠴᠡᠩᠭᠡᠯ᠂ ᠵᠤᠭᠠᠴᠠᠯ᠂ ᠪᠠᠶᠢᠭᠠᠯᠢ ᠶᠢᠨ | ᠦᠵᠡᠮᠵᠢ ᠶᠢ ᠣᠶᠢᠯᠠᠭᠠᠬᠤ ᠤᠤᠯ ᠤᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠣᠯᠵᠤ ᠦᠢ | ᠲᠦᠮᠡᠨ ᠵᠤᠭᠠᠴᠠᠭᠴᠢ ᠶᠢᠨ ᠲᠠᠭᠠᠰᠢᠶᠠᠯ ᠢ ᠣᠯᠵᠤ ᠪᠤᠢ᠃ | | ᠪᠤᠶᠠᠨᠳᠠᠯᠭᠡᠷ ᠰᠡᠭᠦᠳᠡᠷᠯᠡᠨ ᠮᠡᠳᠡᠭᠡᠯᠡᠪᠡ | | | | |