ᠤᠶᠢᠷ᠎ᠠ ᠳᠤ᠂ ᠷᠠᠰᠢᠶᠠᠨ ᠤ ᠬᠠᠮᠠᠭᠠᠯᠠᠯᠳᠠ ᠶᠢᠨ ᠤᠷᠤᠨ᠂ ᠳᠤᠮᠳᠠᠳᠦ ᠮᠤᠩᠭᠤᠯ ᠤᠨ ᠬᠢᠯᠢ ᠶᠢᠨ | ᠪᠤᠭᠤᠮᠳᠠ ᠶᠢᠨ ᠤᠶᠢᠷᠠᠯᠴᠠᠬᠢ ᠠᠭᠤᠯᠠᠨ ᠬᠦᠳᠦᠯ ᠳᠡᠭᠡᠷ᠎ᠠ᠂ ᠵᠡᠷᠯᠢᠭ ᠵᠡᠭᠡᠷ᠎ᠠ ᠶᠢᠨ ᠰᠦᠷᠦᠭ ᠰᠦᠷᠦᠭᠯᠡᠵᠦ᠂ | ᠷᠠᠰᠢᠶᠠᠨ ᠳᠤ ᠵᠢᠭᠤᠯᠴᠢᠯᠠᠬᠤ ᠪᠠᠷ ᠢᠷᠡᠭᠰᠡᠳ ᠤᠨ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ | ︽ᠪᠢ ᠳᠤᠰ ᠤᠳᠠᠭ᠎ᠠ ᠷᠠᠰᠢᠶᠠᠨ ᠤ ᠭᠤᠶᠤ ᠰᠠᠶᠢᠬᠠᠨ ᠴᠠᠰᠤᠨ ᠤ ᠦᠵᠡᠮᠵᠢ ᠶᠢ ᠪᠠᠭ᠋ᠠᠷᠬᠠᠵᠤ ᠪᠠᠶᠢᠭ᠎ᠠ | ᠮᠦᠷᠳᠡᠬᠡᠨ ᠵᠡᠭᠡᠷ᠎ᠡ ᠶᠢᠨ ᠰᠦᠷᠦᠭ ᠲᠠᠢ ᠠᠩᠬ᠎ᠠ ᠤᠳᠠᠭ᠎ᠠ ᠬᠠᠷᠭᠤᠭᠰᠠᠨ ᠳᠠᠭᠠᠨ ᠰᠡᠳᠭᠢᠯ ᠮᠠᠰᠢ ᠳᠤᠭᠳᠤᠯᠵᠦ ᠪᠤᠢ︾ | ᠭᠡᠵᠦ ᠬᠡᠯᠡᠬᠦ ᠶᠢᠨ ᠲᠠᠭᠠᠤ ᠭᠤᠸᠠᠩᠵᠧᠦ ᠬᠤᠳᠠ ᠠᠴᠠ ᠢᠷᠡᠭᠰᠡᠨ ᠵᠢᠭᠤᠯᠴᠢᠯᠠᠭᠴᠢ ᠯᠢ ᠱᠦ ᠵᠢᠶᠧ ᠵᠡᠭᠡᠷ᠎ᠠ ᠶᠢᠨ | ᠰᠦᠷᠦᠭ ᠢ ᠤᠯᠵᠦ ᠬᠠᠷᠠᠩᠭᠤᠳᠠ ᠭᠠᠷ ᠤᠲᠠᠰᠤ ᠪᠠᠷ ᠢᠶᠠᠨ ᠰᠡᠭᠦᠳᠡᠷ ᠳᠠᠳᠠᠨ ᠶᠠᠭᠠᠷᠠᠵᠦ ᠪᠠᠶᠢᠯ᠎ᠠ᠃ | ︽ᠤᠶᠢᠷ᠎ᠠ ᠶᠢᠨ ᠵᠢᠯ ᠳᠤ ᠷᠠᠰᠢᠶᠠᠨ ᠤ ᠠᠮᠢ ᠠᠬᠤᠶ ᠰᠠᠶᠢᠵᠢᠷᠠᠵᠤ᠂ ᠰᠢᠭᠤᠶᠢᠲᠤ ᠣᠷᠣᠨ ᠳᠤ ᠴᠠ ᠪᠤᠭᠤ᠂ | ᠴᠠᠰᠤᠲᠤ ᠲᠠᠤᠯᠠᠢ᠂ ᠬᠡᠭᠡᠷ᠎ᠡ ᠶᠢᠨ ᠭᠠᠭ᠋ᠠᠶ ᠪᠠᠶᠢᠨ ᠪᠠᠶᠢᠨ ᠬᠠᠷᠠᠭᠳᠠᠵᠦ᠂ ᠨᠡᠩ ᠢᠯᠠᠩᠭᠤᠶ᠎ᠠ ᠵᠡᠷᠯᠢᠭ ᠵᠡᠬᠡᠷᠠ | ᠰᠦᠷᠦᠭᠯᠡᠨ ᠶᠠᠪᠤᠬᠤ ᠪᠤᠯᠵᠠᠢ︾ ᠭᠡᠵᠦ ᠷᠠᠰᠢᠶᠠᠨ ᠤ ᠰᠢᠭᠤᠶᠢᠲᠤ ᠣᠷᠣᠨ ᠳᠤ 33 ᠵᠢᠯ ᠠᠵᠢᠯᠯᠠᠭᠰᠠᠨ ᠪᠠᠢ ᠢᠦᠢ | ᠬᠤᠸᠠ ᠳᠠᠨᠢᠯᠴᠠᠭᠤᠯᠵᠦ ᠪᠠᠶᠢᠯ᠎ᠠ᠃ | ᠠᠮᠢ ᠠᠬᠤᠶ ᠪᠣᠯ ᠬᠢᠩᠭᠠᠨ ᠠᠶᠢᠮᠠᠭ ᠤᠨ ᠬᠠᠮᠤᠭ ᠤᠨ ᠶᠡᠭᠡ ᠰᠠᠭᠤᠷᠢ ᠥᠩᠭᠡ ᠮᠦᠷᠳᠡᠬᠡᠨ ᠳᠠᠪᠠᠭᠤᠯᠢᠭ | ᠲᠠᠯ᠎ᠠ ᠮᠥᠨ᠃ ᠤᠢ ᠰᠢᠭᠤᠢ 33% ᠶᠢ ᠡᠵᠡᠯᠡᠵᠦ᠂ ᠲᠠᠯ᠎ᠠ ᠨᠤᠲᠤᠭ 55% ᠶᠢ ᠡᠵᠡᠯᠡᠨ᠂ ᠪᠦᠬᠦ ᠵᠢᠯ ᠤᠨ | ᠠᠭᠠᠷ ᠤᠨ ᠰᠢᠯᠢᠳᠡᠭ ᠤᠨ ᠬᠡᠮᠵᠢᠶ᠎ᠠ 95% ᠠᠴᠠ ᠳᠡᠭᠡᠭᠰᠢ ᠳᠤ ᠬᠦᠷᠴᠦ᠂ ᠤᠰᠤᠨ ᠤ ᠴᠡᠪᠡᠷ ᠤᠨ ᠨᠤᠷᠮ᠎ᠠ | 100% ᠳᠤ ᠬᠦᠷᠴᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠶᠶ᠎ᠠ ᠦᠵᠡᠭᠦᠯᠬᠦ | ᠭᠠᠵᠠᠷ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠦᠢ ᠠᠯᠳᠠ ᠮᠥᠩᠭᠦᠨ ᠠᠭᠤᠯᠠ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠢᠷᠠᠭᠤ ᠠᠯᠳᠠᠷ ᠢ ᠬᠦᠷᠲᠡᠵᠡᠢ᠃ | ᠤᠶᠢᠯᠠᠭᠠᠭᠰᠠᠨ ᠢᠶᠠᠷ᠂ ᠤᠢᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠠᠮᠢ ᠠᠬᠤᠢ ᠶᠢᠨ | ᠬᠠᠮᠠᠭᠠᠯᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠭᠰᠠᠨ ᠠᠴᠠ ᠡᠯ᠎ᠡ ᠲᠦᠷᠦᠯ ᠤᠨ ᠬᠤᠪᠣᠷ ᠴᠤᠬᠠᠭ | ᠬᠡᠭᠡᠷ᠎ᠡ ᠶᠢᠨ ᠠᠮᠢᠳᠠᠨ ᠮᠡᠳᠡᠭᠳᠡᠮ᠎ᠡ ᠨᠡᠮᠡᠭᠳᠡᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠦᠢᠴᠡᠳ | ᠢᠯᠡᠷᠡᠭᠦᠯᠵᠦ ᠪᠤᠢ᠃ | | | | | | | · ᠰᠢᠤᠢ ᠸᠧᠨ ᠵᠢᠶᠦ᠋ᠨ ᠤᠭ᠍ᠶᠦ · | | | |