ᠪᠠᠢ ᠯᠠᠩ ᠤᠷᠭᠢᠯ ᠤᠨ ᠭᠤᠸ᠎ᠠ ᠰᠠᠶᠢᠬᠠᠨ ᠢ ᠰᠣᠨᠢᠷᠬᠠᠶ᠎ᠠ
ᠨᠡᠶᠢᠲᠡᠯᠡᠭᠰᠡᠨ ᠴᠠᠭ᠄
2024/1/4
     ᠬᠥᠬᠡᠭᠡ ᠡᠪᠦᠯ ᠤᠨ ᠬᠦᠢᠳᠡᠨ ᠴᠠᠭ ᠲᠤ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠪᠠᠢ ᠯᠠᠩ ᠪᠠᠯᠭᠠᠰᠤ ᠠᠴᠠ ᠵᠡᠭᠦᠨ ᠡᠮᠦᠨ᠎ᠡ 10 ᠺᠢᠯᠤᠮᠧᠲᠷ ᠵᠠᠶᠢᠲᠠᠢ ᠪᠠᠶᠢᠭ᠎ᠠ ᠪᠠᠢ ᠯᠠᠩ ᠤᠷᠬᠢᠯ ᠤᠨ ᠦᠵᠡᠮᠵᠢ ᠶᠢᠨ ᠣᠷᠣᠨ ᠮᠥᠩᠭᠦᠨ ᠴᠠᠭᠠᠨ ᠥᠩᠭᠡ ᠪᠠᠷ ᠬᠤᠴᠢᠭᠳᠠᠵᠤ ᠤᠷᠴᠢᠨ ᠲᠤᠭᠤᠷᠢᠨ ᠨᠠᠮ ᠵᠢᠮ ᠪᠠᠶᠢᠯ᠎ᠠ᠃ ᠪᠠᠢ ᠯᠠᠩ ᠣᠷᠭᠢᠯ ᠳᠠᠯᠠᠶ ᠶᠢᠨ ᠲᠦᠪᠰᠢᠨ ᠠᠴᠠ ᠳᠡᠭᠡᠭᠰᠢ 1500 ᠭᠠᠷᠤᠢ ᠮᠧᠲᠷ ᠡᠷᠭᠦᠭᠳᠡᠵᠦ᠂ ᠣᠷᠭᠢᠯ ᠤᠨ ᠣᠷᠣᠢ ᠳᠤᠨᠢ 200 ᠾᠧᠺᠲ᠋ᠠᠷ ᠰᠢᠬᠠᠮ ᠮᠥᠰᠥᠲᠦᠯᠭᠡ ᠶᠢᠨ ᠦᠯᠡᠳᠡᠭᠳᠡᠯ ᠲᠠᠢ᠃ ᠤᠷᠲᠤ ᠤᠳᠠᠭᠠᠨ ᠬᠤᠪᠢᠰᠤᠯᠲᠠ ᠶᠢᠨ ᠶᠠᠪᠤᠴᠠ ᠳᠤ᠂ ᠶᠡᠭᠡ ᠪᠠᠶᠢᠭᠠᠯᠢ ᠶᠢᠨ ᠤᠷᠠᠨ ᠳᠠᠷᠬᠠᠨ ᠠᠴᠠ ᠪᠠᠢ ᠯᠠᠩ ᠣᠷᠭᠢᠯ ᠤᠨ ᠬᠠᠴᠢᠨ ᠭᠠᠶᠢᠬᠠᠮᠰᠢᠭᠲᠠᠢ ᠦᠵᠡᠮᠵᠢ ᠶᠢ ᠪᠦᠲᠦᠭᠡᠭᠰᠡᠨ ᠶᠤᠮ᠃ ᠣᠳᠣᠬᠠᠨ ᠳᠤ᠂ ᠡ᠊ᠨᠳᠡᠬᠢ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ᠂ ᠮᠥᠰᠥ ᠴᠠᠰᠤᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠡᠯᠡᠭᠦᠴᠡᠯ᠂ ᠵᠤᠭ᠎ᠠ ᠴᠡᠩᠭᠡᠯ᠂ ᠵᠤᠭᠠᠴᠠᠯ᠂ ᠪᠠᠶᠢᠭᠠᠯᠢ ᠶᠢᠨ ᠦᠵᠡᠮᠵᠢ ᠶᠢ ᠣᠶᠢᠯᠠᠭᠠᠬᠤ ᠤᠤᠯ ᠤᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠣᠯᠵᠤ ᠦᠢ ᠲᠦᠮᠡᠨ ᠵᠤᠭᠠᠴᠠᠭᠴᠢ ᠶᠢᠨ ᠲᠠᠭᠠᠰᠢᠶᠠᠯ ᠢ ᠣᠯᠵᠤ ᠪᠤᠢ᠃
       ᠪᠤᠶᠠᠨᠳᠠᠯᠭᠡᠷ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号