ᠴᠠᠬᠢᠯᠭᠠᠨ ᠬᠡᠷᠡᠭᠯᠡᠭᠰᠡᠨ ᠬᠡᠮᠵᠢᠶ᠎ᠠ ᠨᠡᠮᠡᠭᠳᠡᠪᠡ
ᠨᠡᠶᠢᠲᠡᠯᠡᠭᠰᠡᠨ ᠴᠠᠭ᠄
2024/10/22
   10 ᠰᠠᠷ᠎ᠠ ᠶᠢᠨ 19 ᠤ ᠡᠳᠦᠷ᠂ ᠤᠯᠤᠰ ᠤᠨ ᠡᠨᠧᠷᠭᠢ ᠶᠢᠨ ᠲᠣᠪᠴᠢᠶ᠎ᠠ 9 ᠰᠠᠷ᠎ᠠ ᠶᠢᠨ ᠪᠥᠬᠦ ᠤᠯᠤᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠨᠡᠶᠢᠲᠡᠯᠡᠪᠡ᠃    9 ᠰᠠᠷ᠎ᠠ ᠳᠤ᠂ ᠪᠥᠬᠦ ᠤᠯᠤᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 8475 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ ᠠᠵᠤ ᠦᠢᠯᠡᠰ ᠬᠤᠪᠢᠶᠠᠨ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 121 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 5379 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1652 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 1323 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号