| ᠤᠨᠲᠠᠬᠤ ᠪᠣᠯ ᠠᠮᠢᠳᠤ ᠪᠣᠳᠠᠰ ᠤᠨ ᠬᠤᠪᠢᠰᠤᠯ ᠤᠨ ᠬᠠᠮᠤᠭ ᠤᠨ ᠦᠨᠳᠦᠰᠦᠨ ᠠᠮᠢ ᠨᠠᠰᠤᠨ ᠤ ᠥᠩᠭᠡᠷᠡᠯᠲᠡ | ᠪᠠᠶᠢᠵᠤ᠂ ᠬᠥᠮᠥᠨ ᠨᠢᠭᠡ ᠨᠠᠰᠤᠨ ᠤ ᠪᠠᠨ 1/3 ᠴᠠᠭ ᠢ ᠤᠨᠲᠠᠵᠤ ᠥᠩᠭᠡᠷᠡᠭᠡᠳᠡᠭ᠃ | ᠪᠠᠶᠢᠴᠠᠭᠠᠯᠲᠠ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠳᠤᠮᠳᠠᠴᠢ ᠤᠨᠲᠠᠬᠤ | ᠴᠠᠭ ᠨᠢ 6.75 ᠴᠠᠭ ᠪᠠᠶᠢᠵᠤ᠂ ᠵᠠᠯᠠᠭᠤᠴᠤᠳ ᠢᠯᠠᠩᠭᠤᠶ᠎ᠠ 2000 ᠤᠨ ᠠᠴᠠ ᠰᠡᠬᠦᠯᠡᠷ ᠲᠦᠷᠦᠭᠰᠡᠳ ᠨᠢ | ᠰᠦᠨᠢᠵᠢᠨ ᠤᠨᠳᠠᠬᠤ ᠦᠭᠡᠢ ᠬᠦᠮᠦᠰ ᠤᠨ ᠳᠤᠮᠳᠠ ᠶᠡᠭᠡ ᠬᠤᠪᠢ ᠶᠢ ᠡᠵᠡᠯᠡᠬᠦ ᠪᠤᠯᠵᠠᠢ᠃ ᠶᠠᠭᠠᠬᠢᠪᠠᠯ ᠰᠠᠶ᠋ᠢ ᠰᠠᠶᠢᠨ | ᠤᠨᠲᠠᠵᠤ᠂ ᠪᠦᠬᠡ ᠨᠦᠢᠷᠰᠤᠵᠤ ᠴᠢᠳᠠᠬᠤ ᠪᠤᠶ︖ ᠡᠯ᠎ᠡ ᠵᠦᠢᠯ ᠤᠨ ᠤᠨᠳᠠᠬᠤ ᠳᠤ ᠳᠤᠰᠠᠯᠠᠬᠤ ᠤᠶᠤᠨᠴᠢ | ᠲᠦᠬᠦᠬᠡᠷᠦᠮᠵᠢ ᠨᠢ ᠦᠨᠡᠬᠡᠷ ᠦᠢᠯᠡᠳᠦᠯ ᠲᠠᠢ ᠭᠡᠵᠦ ᠤᠤ︖ | ᠤᠨᠲᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ | ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ︽2024 ᠣᠨ ᠤ | ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠤᠨᠲᠠᠯᠭ᠎ᠠ ᠶᠢᠨ ᠡᠷᠡᠭᠦᠯ ᠮᠡᠨᠳᠦ ᠶᠢᠨ ᠴᠠᠭᠠᠨ ᠭᠠᠳᠠᠷᠲᠤ ᠪᠢᠴᠢᠭ︾ | ᠠᠴᠠ ᠦᠵᠡᠪᠡᠯ᠂ ᠪᠠᠶᠢᠴᠠᠭᠠᠭᠳᠠᠭᠰᠠᠨ ᠰᠠᠭᠤᠭᠠᠯᠢ ᠠᠷᠠᠳ ᠤᠨ ᠰᠦᠨᠢ ᠳᠡᠭᠡᠨ ᠰᠡᠷᠢᠬᠦ ᠤᠳᠠᠭ᠎ᠠ ᠨᠢ ᠳᠤᠮᠳᠠᠴᠢ ᠪᠠᠷ | 1.4 ᠤᠳᠠᠭ᠎ᠠ ᠪᠠᠶᠢᠵᠤ᠂ ᠳᠤᠮᠳᠠᠴᠢ ᠤᠨᠳᠠᠬᠤ ᠴᠠᠬ ᠨᠢ 6.75 ᠴᠠᠭ ᠬᠦᠷᠴᠦ ᠪᠤᠢ᠃ ᠭᠡᠬᠦ ᠳᠡᠭᠡᠨ ︽ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾ ᠳᠤ᠂ ᠨᠠᠰᠤᠨ ᠳᠤ ᠭᠦᠷᠦᠭᠰᠡᠳ | ᠡᠳᠦᠷ ᠳᠤᠮᠳᠠᠴᠢ ᠪᠠᠷ 7 — 8 ᠴᠠᠭ ᠤᠨᠳᠠᠪᠠᠯ ᠵᠣᠬᠢᠨ᠎ᠠ ᠭᠡᠵᠦ ᠰᠠᠨᠠᠭᠠᠴᠢᠯᠠᠵᠠᠢ᠃ | ︽ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠮᠡᠳᠡᠭᠦᠯᠦᠯᠲᠡ 2024︾ ᠶᠢ ᠦᠨᠳᠦᠰᠦᠯᠡᠪᠡᠯ᠂ | ᠳᠤᠮᠳᠠᠳᠤ ᠤᠯᠤᠰ ᠤᠨ ᠰᠠᠭᠤᠭᠠᠯᠢ ᠠᠷᠠᠳ ᠤᠨ 2023 ᠣᠨ ᠤ ᠤᠨᠲᠠᠯᠭ᠎ᠠ ᠶᠢᠨ ᠵᠢᠭᠠᠯᠲᠠ ᠲᠤᠭ᠎ᠠ 62.61 | ᠪᠠᠶᠢᠵᠤ᠂ ᠣᠶᠢᠷ᠎ᠠ ᠶᠢᠨ 3 ᠵᠢᠯ ᠤᠨ ᠲᠤᠷᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠡᠢ᠃ ᠡᠭᠦᠨ ᠤ ᠬᠠᠮᠲᠤ | ᠪᠠᠶᠢᠴᠠᠭᠠᠭᠳᠠᠭᠴᠢ ᠶᠢᠨ ᠤᠨᠲᠠᠯᠭ᠎ᠠ ᠶᠢᠨ ᠴᠢᠨᠠᠷ ᠴᠢᠨᠰᠠᠭ᠎ᠠ ᠮᠠᠭᠤ᠂ ᠤᠨᠲᠠᠬᠤ ᠡᠮ ᠬᠡᠷᠡᠭᠯᠡᠬᠦ ᠨᠢ ᠤᠯᠠᠮ | ᠢᠯᠡᠬᠦᠳᠡᠭᠰᠡᠨ ᠵᠡᠷᠭᠡ ᠪᠠᠶᠢᠳᠠᠯ ᠢᠯᠡᠷᠡᠵᠡᠢ᠃ | ᠤᠨᠳᠠᠯᠭ᠎ᠠ ᠶᠢᠨ ᠶᠠᠰᠤ ᠴᠢᠨᠠᠷ ᠮᠠᠭᠤᠳᠠᠬᠰᠠᠨ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖ ᠳᠤᠮᠳᠠᠳᠤ | ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ ᠤᠨ ᠤᠬᠠᠭᠠᠨ ᠤ ᠰᠤᠳᠤᠯᠭᠠᠨ ᠤ | ᠭᠠᠵᠠᠷ ᠤᠨ ᠨᠡᠶᠢᠭᠡᠮ ᠤᠨ ᠰᠡᠳᠬᠢᠴᠡ ᠵᠦᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠸᠠᠩ ᠵᠢᠶᠦ᠋ᠨ ᠰᠢᠤ ᠶᠢᠨ | ᠦᠵᠡᠬᠦ ᠪᠠᠷ᠂ ᠢᠨᠲ᠋ᠧᠷ ᠰᠦᠯᠵᠢᠶ᠎ᠡ᠂ ᠭᠠᠷ ᠤᠲᠠᠰᠤᠨ ᠳᠤ ᠲᠦᠰᠢᠭᠯᠡᠬᠦ ᠪᠣᠯ ᠭᠤᠣᠯ ᠰᠢᠯᠲᠠᠭᠠᠨ ᠤ ᠨᠢᠭᠡ ᠮᠥᠨ | ᠭᠡᠵᠠᠢ᠃ | ᠬᠤᠯᠪᠣᠭᠳᠠᠯ ᠪᠦᠬᠦᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠨᠲ᠋ᠧᠷ ᠰᠦᠯᠵᠢᠶ᠎ᠡ ᠲᠠᠢ ᠬᠤᠯᠪᠣᠭᠳᠠᠭᠰᠠᠨ | ᠠᠵᠢᠯ ᠲᠦᠷᠦᠯ ᠤᠨ ᠬᠦᠮᠦᠰ ᠤᠨ ᠰᠥᠨᠢ ᠪᠦᠷᠢ ᠶᠢᠨ ᠳᠤᠮᠳᠠᠴᠢ ᠤᠨᠲᠠᠬᠤ ᠴᠠᠭ ᠤᠨ ᠣᠷᠳᠣ ᠨᠢ 8 ᠴᠠᠭ ᠪᠤᠶᠤ 8 | ᠴᠠᠭ ᠠᠴᠠ ᠳᠡᠭᠡᠭᠰᠢ ᠪᠠᠶᠢᠬᠤ ᠬᠠᠷᠢᠴᠠᠯ ᠨᠢ ᠴᠥᠮ 50% ᠠᠴᠠ ᠳᠣᠣᠷ᠎ᠠ ᠪᠠᠶᠢᠳᠠᠭ︔ 56% ᠶᠢᠨ ᠣᠶᠤᠲᠠᠳ | ᠡᠳᠦᠷ ᠪᠦᠷᠢ 8 ᠴᠠᠭ ᠠᠴᠠ ᠢᠯᠡᠭᠦᠦ ᠭᠠᠷ ᠤᠲᠠᠰᠤ ᠬᠡᠷᠡᠭᠯᠡᠵᠦ ᠪᠠᠶᠢᠬᠤ ᠪᠥᠭᠡᠳ 52% ᠤᠨ ᠬᠥᠮᠥᠰ ᠲᠡᠭ ᠴᠠᠭ | ᠠᠴᠠ ᠰᠡᠭᠦᠯᠡᠷ ᠤᠨᠲᠠᠵᠤ ᠪᠠᠶᠢᠨ᠎ᠠ᠃ | ︽ᠺᠣᠮᠫᠢᠦ᠋ᠲ᠋ᠧᠷ᠂ ᠭᠠᠷ ᠤᠲᠠᠰᠤ ᠵᠡᠷᠭᠡ ᠡᠯᠧᠺᠲᠷᠤᠨ ᠲᠥᠬᠦᠭᠡᠷᠦᠮᠵᠢ ᠶᠢᠨ ᠲᠦᠭᠡᠮᠡᠯᠵᠢᠬᠦ ᠶᠢ ᠳᠠᠭᠠᠯᠳᠤᠨ᠂ | ᠬᠥᠮᠥᠰ ᠤᠨᠲᠠᠬᠤ ᠠᠴᠠ ᠪᠠᠨ ᠡᠮᠦᠨ᠎ᠡ ᠬᠥᠬᠡ ᠭᠡᠷᠡᠯ ᠵᠡᠷᠭᠡ ᠰᠡᠳᠦᠯᠲᠡ ᠶᠢᠨ ᠴᠢᠨᠠᠷᠲᠠᠢ ᠭᠡᠷᠡᠯ ᠡᠭᠦᠰᠬᠡᠭᠴᠢ ᠶᠢᠨ | ᠨᠦᠯᠦᠬᠡᠯᠡᠯ ᠢ ᠬᠦᠷᠳᠡᠵᠦ᠂ ᠠᠮᠢᠳᠤ ᠪᠣᠳᠠᠰ ᠤᠨ ᠴᠠᠭ ᠬᠠᠷᠰᠢᠯᠠᠭᠳᠠᠬᠤ ᠶᠢᠨ ᠬᠠᠮᠲᠤ ᠡᠯᠧᠺᠲᠷᠤᠨ | ᠲᠥᠬᠦᠭᠡᠷᠦᠮᠵᠢ ᠳᠤ ᠬᠡᠲᠦᠷᠬᠡᠢ ᠰᠢᠨᠤᠪᠠᠯ ᠤᠶᠤᠨ ᠰᠠᠨᠠᠭᠠᠨ ᠤ ᠲᠠᠯ᠎ᠠ ᠪᠠᠷ ᠨᠠᠶᠢᠳᠠᠮᠠᠲᠠᠭᠠᠶ ᠪᠣᠯᠳᠠᠭ᠂ ᠡᠨᠡ ᠨᠢ ᠪᠠᠰᠠ | ᠤᠨᠲᠠᠬᠤ ᠳᠤ ᠬᠦᠴᠢᠷᠳᠡᠬᠦ ᠪᠤᠶᠤ ᠤᠨᠲᠠᠬᠤ ᠬᠡᠮᠨᠡᠯ ᠠᠯᠳᠠᠬᠳᠠᠬᠤ ᠠᠰᠠᠭᠤᠳᠠᠯ ᠢ ᠡᠭᠦᠰᠬᠡᠳᠡᠭ︾ ᠭᠡᠵᠦ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ | ᠵᠢᠷᠭᠤᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠦ ᠯᠢᠨ ᠶᠠᠷᠢᠯ᠎ᠠ᠃ | ᠰᠦᠯᠵᠢᠶᠡᠨ ᠳᠤ ᠨᠠᠶᠢᠳᠠᠬᠤ ᠵᠡᠷᠭᠡ ᠮᠠᠭᠤ ᠳᠠᠳᠬᠠᠯ ᠠᠴᠠ ᠭᠠᠳᠠᠨ᠎ᠠ᠂ ᠤᠷᠮ᠎ᠠ ᠰᠡᠳᠬᠢᠯᠭᠡ ᠪᠣᠯᠣᠨ ᠳᠠᠷᠤᠯᠲᠠ ᠨᠢ | ᠴᠦ ᠤᠨᠲᠠᠬᠤ ᠳᠤ ᠬᠠᠷᠰᠢ ᠰᠠᠭᠠᠳ ᠪᠣᠯᠳᠠᠭ᠃ | ︽ᠬᠠᠭᠠᠰ ᠢᠯᠡᠭᠦᠦ ᠲᠣᠭᠠᠨ ᠤ ᠡᠪᠡᠳᠴᠢᠲᠡᠨ ᠨᠢ ᠴᠥᠮ ᠰᠡᠳᠬᠢᠴᠡ ᠶᠢᠨ ᠰᠢᠯᠲᠠᠭᠠᠨ ᠠᠴᠠ ᠪᠣᠯᠤᠭᠰᠠᠨ | ᠤᠨᠲᠠᠯᠭ᠎ᠠ ᠶᠢᠨ ᠰᠠᠭᠠᠲᠠᠯ ᠲᠠᠢ ᠪᠣᠯᠤᠭᠰᠠᠨ ᠪᠠᠶᠢᠵᠤ ᠮᠡᠳᠡᠨ᠎ᠡ︾ ᠭᠡᠵᠦ ᠱᠠᠩᠬᠠᠢ ᠶᠢᠨ ᠬᠢᠲᠠᠳ ᠡᠮ ᠡᠮᠨᠡᠯᠭᠡ ᠶᠢᠨ | ᠶᠡᠭᠡ ᠰᠤᠷᠭᠠᠭᠤᠯᠢ ᠶᠢᠨ ᠬᠠᠷᠢᠶᠠᠲᠤ ᠯᠦᠩ ᠬᠤᠸᠠ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠠᠨᠠᠭᠠᠬᠤ | ᠤᠬᠠᠭᠠᠨ ᠤ ᠲᠥᠪ ᠤᠨ ᠡᠮᠴᠢ ᠲᠠᠩ ᠺᠠᠩ ᠮᠢᠨ ᠲᠠᠨᠢᠯᠴᠠᠭᠤᠯᠬᠤ ᠶᠢᠨ ᠬᠠᠮᠳᠤ᠂ ᠨᠦᠢᠷ ᠬᠤᠯᠵᠢᠬᠤ ᠶᠢᠨ | ᠰᠢᠯᠲᠠᠭᠠᠨ ᠨᠢ ᠤᠳᠤᠮᠯᠠᠯ ᠵᠡᠷᠭᠡ ᠲᠥᠷᠥᠯᠬᠢ ᠰᠢᠯᠲᠠᠭᠠᠨ ᠠᠴᠠ ᠭᠠᠳᠠᠨ᠎ᠠ ᠪᠠᠰᠠ ᠳᠠᠷᠤᠯᠲᠠ ᠶᠡᠭᠡ᠂ ᠰᠡᠳᠬᠢᠴᠡ ᠶᠢᠨ | ᠵᠣᠪᠠᠨᠢᠯ ᠵᠡᠷᠭᠡ ᠠᠴᠠ ᠪᠤᠯᠳᠠᠭ ᠭᠡᠵᠦ ᠪᠠᠶᠢᠯ᠎ᠠ᠃ | ᠤᠨᠳᠠᠵᠤ ᠤᠷᠤᠬᠤ ᠦᠭᠡᠢ ᠪᠤᠯ ᠶᠠᠭᠠᠬᠢᠪᠠᠯ ᠵᠤᠬᠢᠬᠤ ᠪᠤᠢ︖ | ︽ᠮᠠᠨ ᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠨᠡᠯᠢᠶᠡᠳ ᠣᠷᠣᠢ ᠡᠬᠢᠯᠡᠭᠰᠡᠨ ᠪᠥᠭᠡᠳ | ᠣᠳᠣᠬᠠᠨ ᠳᠤ ᠥᠨᠳᠥᠷ ᠬᠢᠷᠢ ᠬᠡᠮᠵᠢᠶᠡᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠮᠥᠨ ᠬᠦ | ᠨᠡᠯᠢᠶᠡᠳ ᠴᠥᠭᠡᠨ ᠪᠠᠶᠢᠨ᠎ᠠ︾ ᠭᠡᠵᠦ ᠯᠦ ᠯᠢᠨ ᠶᠠᠷᠢᠬᠤ ᠶᠢᠨ ᠲᠠᠭᠠᠤ᠂ ᠢᠷᠡᠭᠡᠳᠦᠢ ᠳᠤ ᠤᠨᠲᠠᠯᠭ᠎ᠠ ᠶᠢᠨ ᠠᠨᠠᠭᠠᠬᠤ | ᠤᠬᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠮᠡᠳᠡᠷᠡᠯ ᠤᠨ ᠰᠠᠯᠠᠭ᠎ᠠ᠂ | ᠮᠡᠳᠡᠷᠡᠯ ᠤᠨ ᠳᠣᠲᠣᠷ ᠰᠠᠯᠠᠭ᠎ᠠ᠂ ᠠᠮᠢᠰᠬᠤᠯ ᠤᠨ ᠰᠠᠯᠠᠭ᠎ᠠ ᠵᠡᠷᠭᠡ ᠣᠯᠠᠨ ᠲᠤᠰᠬᠠᠢ ᠮᠡᠷᠭᠡᠵᠢᠯ ᠲᠠᠢ ᠬᠠᠮᠲᠤ ᠪᠠᠷ | ᠰᠣᠯᠢᠯᠴᠠᠬᠤ ᠪᠠᠷ ᠳᠠᠮᠵᠢᠭᠤᠯᠤᠨ᠂ ᠤᠨᠲᠠᠯᠭ᠎ᠠ ᠶᠢᠨ ᠡᠭᠦᠰᠦᠯᠲᠡ ᠶᠢᠨ ᠬᠥᠭᠵᠢᠯᠲᠡ ᠶᠢᠨ ᠲᠣᠭᠲᠠᠴᠠ ᠶᠢ ᠭᠦᠨᠵᠡᠭᠡᠢ | ᠰᠤᠳᠤᠯᠵᠤ᠂ ᠰᠢᠨ᠎ᠡ ᠬᠡᠯᠪᠡᠷᠢ ᠶᠢᠨ ᠭᠠᠷ ᠲᠦᠷᠦᠭᠦ ᠠᠷᠭ᠎ᠠ ᠪᠣᠳᠣᠯᠭ᠎ᠠ ᠶᠢ ᠨᠡᠭᠡᠭᠡᠨ ᠬᠥᠭᠵᠢᠭᠦᠯᠵᠦ᠂ | ᠡᠪᠡᠳᠴᠢᠲᠡᠨ ᠳᠤ ᠨᠠᠩ ᠰᠠᠶᠢᠨ ᠦᠢᠯᠡᠴᠢᠯᠡᠬᠦ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠤᠯᠤᠰ ᠲᠤ ᠨᠢᠭᠡᠨᠲᠡ ᠮᠠᠰᠢ ᠣᠯᠠᠨ ᠡᠮᠨᠡᠯᠭᠡ ᠶᠢᠨ ᠬᠤᠷᠢᠶ᠎ᠠ ᠪᠠ | ᠶᠡᠭᠡ ᠳᠡᠭᠡᠳᠦ ᠰᠤᠷᠭᠠᠭᠤᠯᠢ ᠳᠤ ᠤᠨᠲᠠᠬᠤ ᠲᠥᠪ᠂ ᠤᠨᠲᠠᠬᠤ ᠶᠢ ᠬᠢᠨᠠᠨ ᠬᠡᠮᠵᠢᠬᠦ ᠲᠠᠰᠤᠭ᠂ ᠤᠨᠲᠠᠯᠭ᠎ᠠ ᠶᠢᠨ | ᠡᠭᠦᠳᠡᠨ ᠡᠮᠨᠡᠯᠭᠡ ᠵᠡᠷᠭᠡ ᠶᠢ ᠪᠠᠶᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠠᠵᠢᠯ ᠲᠥᠷᠥᠯ ᠤᠨ ᠳᠣᠲᠣᠷ᠎ᠠ ᠪᠠᠨ | ᠨᠢᠭᠡᠨᠲᠡ ︽ᠳᠤᠮᠳᠠᠳᠤ ᠤᠯᠤᠰ ᠤᠨ ᠨᠦᠢᠷ ᠬᠤᠯᠵᠢᠬᠤ ᠰᠠᠭᠠᠳ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠦᠭᠯᠡᠭᠦᠷ︾ | ᠂ ︽ᠳᠤᠮᠳᠠᠳᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠵᠦᠭᠯᠡᠭᠦᠷ︾ ᠵᠡᠷᠭᠡ ᠶᠢ ᠨᠠᠶᠢᠷᠠᠭᠤᠯᠤᠨ ᠵᠣᠬᠢᠶᠠᠪᠠ᠃ ︽ᠤᠨᠲᠠᠯᠭ᠎ᠠ ᠶᠢᠨ ᠠᠰᠠᠭᠤᠳᠠᠯ ᠲᠠᠢ | ᠡᠪᠡᠳᠴᠢᠳᠠᠨ ᠳᠤ ᠡᠮᠨᠡᠯᠬᠡ ᠶᠢᠨ ᠬᠤᠷᠢᠶᠠᠨ ᠳᠤ ︿ᠤᠨᠲᠠᠯᠭ᠎ᠠ ᠶᠢᠨ ᠰᠠᠯᠠᠭ᠎ᠠ﹀ ᠪᠠᠶᠢᠬᠤ ᠶᠢ ᠮᠡᠳᠡᠭᠦᠯᠵᠦ᠂ | ᠤᠨᠲᠠᠯᠭ᠎ᠠ ᠶᠢᠨ ᠠᠨᠠᠭᠠᠬᠤ ᠤᠬᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︾ ᠭᠡᠵᠦ ᠯᠦ ᠯᠢᠨ ᠬᠡᠯᠡᠪᠡ᠃ | ︽ᠶᠠᠳᠠᠷᠠᠯ︾ ᠳᠤ ᠨᠢᠭᠤᠬᠳᠠᠬᠰᠠᠨ ᠬᠤᠳᠠᠯᠳᠤᠭᠠᠨ ᠤ ᠲᠣᠬᠢᠶᠠᠯ | ᠤᠶᠤᠨᠯᠢᠬ ᠳᠡᠪᠢᠰᠬᠡᠷ᠂ ᠤᠨᠲᠠᠭᠤᠯᠬᠤ ᠬᠡᠮᠵᠢᠭᠦᠷᠯᠢᠭ᠂ ᠤᠨᠲᠠᠭᠤᠯᠬᠤ ᠳᠠᠭᠤᠤ ᠬᠥᠭᠵᠢᠮ᠂ ᠤᠨᠲᠠᠯᠭ᠎ᠠ ᠶᠢ ᠬᠢᠨᠠᠨ | ᠬᠡᠮᠵᠢᠬᠦ APP ᠁ ᠵᠡᠷᠭᠡ ᠡᠯ᠎ᠡ ᠲᠥᠷᠥᠯ ᠤᠨ ᠤᠨᠲᠠᠭᠤᠯᠬᠤ ᠪᠦᠲᠦᠭᠡᠭᠳᠡᠬᠦᠨ ᠮᠠᠰᠢ ᠤᠯᠠᠨ ᠪᠠᠶᠢᠳᠠᠭ᠃ | ᠪᠦᠷᠢᠳᠬᠡᠯ ᠢ ᠦᠨᠳᠦᠰᠦᠯᠡᠪᠡᠯ᠂ 2016 — 2020 ᠣᠨ ᠪᠣᠯᠲᠠᠯ᠎ᠠ᠂ ᠳᠤᠮᠳᠠᠳᠤ ᠤᠯᠤᠰ ᠤᠨ | ᠤᠨᠲᠠᠯᠭ᠎ᠠ ᠶᠢᠨ ᠠᠵᠤ ᠠᠬᠤᠢ ᠶᠢᠨ ᠪᠦᠬᠦᠯᠢ ᠴᠣᠭᠴᠠ ᠶᠢᠨ ᠬᠡᠪᠴᠢᠶ᠎ᠡ 2600 ᠭᠠᠷᠤᠢ ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 3700 ᠭᠠᠷᠤᠢ ᠳ᠋ᠦᠩᠰᠢᠭᠤᠷ ᠲᠥᠭᠦᠷᠢᠭ ᠲᠤ ᠬᠦᠷᠴᠡᠢ︔ ᠣᠳᠣᠬᠠᠨ ᠳᠤ | ᠳᠤᠮᠳᠠᠳᠤ ᠤᠯᠤᠰ ᠲᠤ ᠪᠠᠶᠢᠭ᠎ᠠ ᠤᠨᠳᠠᠯᠭ᠎ᠠ ᠲᠠᠢ ᠬᠤᠯᠪᠤᠭ᠎ᠠ ᠪᠦᠬᠦᠢ ᠠᠵᠤ ᠠᠬᠤᠶᠢᠯᠠᠯ ᠤᠨ ᠳᠤᠭ᠎ᠠ 9000 ᠶᠢ | ᠳᠠᠪᠠᠵᠤ᠂ ᠡᠬᠦᠨ ᠳᠤ ᠤᠯᠠᠩᠬᠢ ᠨᠢ ᠤᠷᠴᠢᠮ ᠤᠨ 1 ᠠᠴᠠ 5 ᠵᠢᠯ ᠤᠨ ᠳᠤᠳᠤᠷ᠎ᠠ ᠪᠠᠶᠢᠭᠤᠯᠤᠬᠳᠠᠬᠰᠠᠨ ᠪᠠᠶᠢᠨ᠎ᠠ᠃ | ︵︽ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ︾ ᠠᠴᠠ︶ |