ᠸᠧᠨᠴᠢᠣᠸᠠᠨ ᠵᠡᠭᠡᠯᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/12
      ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠣ᠂ ᠮᠥᠰᠥ ᠴᠠᠰᠤᠨ ᠤ ᠨᠠᠶᠢᠷ  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠢ ᠪᠠᠲᠤᠯᠠᠬᠤ ᠶᠢᠨ ᠲᠦᠯᠣᠭᠡ᠂ ᠣᠶᠢᠷ᠎ᠠ ᠶᠢᠨ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠬᠢᠨ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠭᠠᠯ ᠢ ᠰᠠᠷᠭᠡᠶᠢᠯᠡᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠬᠴᠠᠯᠠᠪᠡ᠃       ᠪᠠᠶᠢᠴᠠᠭᠠᠬᠤ ᠳᠤᠭᠤᠶᠢᠯᠠᠩ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠢ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ᠂ ︽ᠳᠥᠷᠪᠡ ᠶᠢ ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠪᠠᠷ ᠨᠠᠷᠢᠨ ᠬᠢᠨᠠᠮᠠᠭᠠᠢ ᠪᠠᠶᠢᠴᠠᠭᠠᠯᠲᠠ ᠬᠢᠪᠡ᠃ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠡᠭᠤᠯᠣᠨ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠨᠢᠭᠡᠴᠢ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠢ ᠪᠥᠭᠡᠳ ᠨᠠᠷᠢᠭᠵᠢᠭᠤᠯᠵᠣ᠂ ᠡᠯ᠎ᠡ ᠲᠥᠷᠥᠯ ᠤᠨ ᠠᠶᠤᠯᠬᠦᠢ ᠦᠢᠯᠡᠳᠪᠦᠷᠢᠯᠡᠯ ᠤᠨ  ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号