ᠣᠯᠠᠨ ᠲᠦᠮᠡᠨ ᠬᠠᠮᠳᠣᠪᠡᠷ ᠮᠥᠰᠥ ᠴᠠᠰᠤᠨ ᠤ ᠨᠠᠶᠢᠷ ᠲᠤ ᠬᠦᠴᠦᠨ ᠨᠡᠮᠡᠷᠢᠯᠡᠨ᠎ᠠ
ᠨᠡᠶᠢᠲᠡᠯᠡᠭᠰᠡᠨ ᠴᠠᠭ᠄
2024/11/12
      ᠬᠠᠷᠢᠶ᠎ᠠ ᠣᠷᠣᠨ ᠤ ᠰᠠᠭᠤᠭᠠᠯᠢ ᠠᠷᠠᠳ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠵᠢᠴᠢ ᠪᠠᠶᠢᠭᠤᠯᠭ᠎ᠠ ᠶᠢᠨ ᠠᠵᠢᠯᠲᠠᠳ ᠤᠨ ᠣᠶᠤᠨ ᠤ ᠠᠮᠢᠳᠤᠷᠠᠯ ᠢ ᠪᠠᠶᠠᠯᠢᠭᠵᠢᠭᠤᠯᠵᠤ᠂ ᠷᠠᠰᠢᠶᠠᠨ ᠤ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ ᠲᠤ ᠬᠦᠴᠦᠨ ᠨᠡᠮᠡᠷᠢᠯᠡᠬᠦ ᠶᠢᠨ ᠲᠥᠯᠥᠭᠡ᠂  ᠷᠡᠰᠢᠶᠠᠨ ᠬᠤᠳᠡ ᠶᠢᠨ ᠰᠢᠨ ᠴᠧᠩ ᠵᠡᠭᠡᠯᠢ ᠨᠠᠮ ᠤᠨ ᠬᠤᠷᠢᠶ᠎ᠠ᠂ ᠬᠤᠶᠠᠷ ᠨᠡᠶᠢᠭᠡᠮ ᠲᠣᠭᠤᠷᠢᠭ ᠲᠠᠢ ᠬᠠᠮᠳᠣᠷᠡᠨ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠨ᠂ ᠤᠯᠡᠨ ᠲᠦᠮᠡᠨ ᠢ ᠲᠠᠶᠢᠴᠢᠯᠡᠨ ᠣᠶ ᠰᠢᠭᠤᠢ ᠮᠠᠯᠵᠢᠯ ᠤᠨ ᠲᠠᠯᠠᠪᠠᠶ ᠳᠤ ᠳᠡᠭᠡᠰᠦ ᠦᠰᠦᠷᠬᠦ᠂ ᠲᠡᠪᠡᠭ ᠢᠰᠬᠦᠯᠬᠦ᠂ ᠬᠡᠩᠭᠡᠷᠭᠡ ᠳᠡᠯᠡᠳᠦᠨ ᠴᠡᠴᠡᠭ ᠳᠠᠮᠵᠢᠭᠤᠯᠵᠤ ᠣᠨᠢᠰᠤᠭ᠎ᠠ ᠳᠠᠭᠠᠬᠤ ᠵᠡᠷᠭᠡ ᠰᠣᠨᠢᠷᠬᠠᠯᠲᠠᠢ ᠲᠣᠭᠯᠠᠭᠠᠮ ᠤᠨ ᠠᠵᠢᠯᠯᠠᠭ᠎ᠠ ᠥᠷᠨᠢᠭᠦᠯᠪᠡ᠃       ᠡᠨᠡ ᠬᠦ ᠠᠵᠢᠯᠯᠠᠭ᠎ᠠ ᠨᠢ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ ᠣᠨᠢᠰᠤᠭ᠎ᠠ ᠳᠠᠭᠠᠬᠤ ᠲᠣᠭᠯᠠᠭᠠᠮ ᠬᠤᠷᠴᠠ ᠰᠢᠷᠦᠭᠦᠨ ᠬᠡᠩᠭᠡᠷᠭᠡ  ᠶᠢᠨ ᠳᠠᠭᠤᠨ ᠤ ᠳᠤᠮᠳᠠ ᠡᠬᠢᠯᠡᠵᠦ᠂ ᠠᠵᠢᠯᠲᠠᠳ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠢᠳᠡᠪᠬᠢᠲᠡᠢ ᠣᠷᠣᠯᠴᠠᠭᠤᠯᠤᠭᠰᠠᠨ ᠪᠥᠭᠡᠳ ᠠᠵᠢᠯᠯᠠᠭ᠎ᠠ ᠳᠤ ᠣᠷᠣᠯᠴᠠᠭᠰᠠᠨ ᠬᠥᠮᠥᠰ ᠲᠤ ᠳᠤᠷᠠᠰᠬᠠᠯ ᠤᠨ ᠡᠳ᠋ ᠬᠦᠷᠭᠡᠪᠡ᠃
 
ᠢᠷᠡᠯᠲᠡ᠄ ᠷᠠᠰᠢᠶᠠᠨ ᠤ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号