ᠷᠡᠰᠢᠶᠠᠨ ᠬᠤᠳᠡ ᠶᠢᠨ ᠰᠢᠨ ᠴᠧᠩ ᠵᠡᠭᠡᠯᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/11/12
      11 ᠰᠠᠷ᠎ᠠ ᠶᠢᠨ 8 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ ᠾᠧ ᠫᠢᠩ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠲᠠᠢ ᠬᠠᠮᠳᠣ ︽ᠣᠨᠴᠠᠯᠢᠭᠲᠤ ᠰᠣᠳᠣᠨ ᠬᠢᠴᠢᠶᠡᠯ ᠤᠨ ᠲᠠᠩᠬᠢᠮ︾ ᠳᠤ ᠬᠤᠷᠡᠨ ᠴᠣᠬᠯᠠᠷᠡᠵᠣ᠂ ︽ᠪᠢᠴᠢᠬᠠᠨ ᠠᠨᠠᠷ ᠤᠨ ᠦᠷ᠎ᠡ︾ ᠶᠢᠨ ᠦᠨᠳᠦᠰᠦᠲᠡᠨ ᠤ ᠪᠦᠯᠬᠦᠮᠳᠡᠯ ᠤᠨ ᠰᠡᠳᠬᠢᠯᠭᠡ ᠶᠢ ᠪᠠᠳᠣ ᠴᠣᠬᠴᠠᠯᠠᠬᠤ ᠠᠵᠢᠯᠯᠠᠭ᠎ᠠ ᠶᠢ ᠦᠷᠨᠢᠬᠦᠯᠪᠡ᠃       ᠠᠵᠢᠯᠯᠠᠭ᠎ᠠ ᠶᠢᠨ ᠳᠤᠮᠳᠠ ᠪᠢᠴᠢᠬᠠᠨ ᠨᠠᠶᠢᠵᠠ ᠨᠠᠷ ᠤᠨ ᠰᠤᠷᠤᠯᠴᠠᠬᠤ ᠣᠨᠴᠠᠯᠢᠭ ᠪᠠ ᠵᠢᠭᠠᠨ ᠰᠤᠷᠭᠠᠬᠤ ᠠᠭᠤᠯᠭ᠎ᠠ ᠲᠠᠢ ᠤᠶᠠᠯᠳᠤᠭᠤᠯᠤᠨ᠂ ᠪᠢᠴᠢᠬᠠᠨ ᠬᠡᠦᠬᠡᠳ ᠨᠢᠭᠡᠪᠦᠷᠢ ᠳᠤ ︽ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠪᠣᠭᠴᠣ︾ ᠬᠦᠷᠭᠡᠵᠣ᠂ ᠥᠪᠡᠷᠮᠢᠴᠡ ᠣᠨᠴᠠᠯᠢᠭ ᠪᠠ ᠳᠤᠷ᠎ᠠ ᠰᠣᠨᠢᠷᠬᠠᠯᠳᠣ ᠬᠡᠯᠪᠡᠷᠢ ᠪᠠᠷ ᠦᠯᠢᠭᠡᠷ ᠶᠠᠷᠢᠬᠤ᠂ ᠮᠠᠳᠡᠯᠭᠡ ᠶᠢᠨ ᠲᠠᠶᠢᠯᠪᠣᠷᠢᠯᠡᠯᠳᠡ ᠵᠡᠷᠭᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠬᠠᠨ᠂ ᠬᠡᠦᠬᠡᠳ ᠲᠤ ᠳᠤᠮᠳᠠᠳᠤ ᠶᠢᠨ ᠦᠨᠳᠦᠰᠦᠲᠡᠨ ᠤ ᠰᠣᠶᠣᠯ ᠢ ᠣᠶᠢᠯᠠᠭᠠᠭᠤᠯᠵᠤ᠂ ᠳᠤᠮᠳᠠᠳᠤ ᠶᠢᠨ ᠰᠣᠶᠣᠯ ᠤᠨ ᠤᠯᠠᠨ ᠶᠠᠩᠵᠤᠲᠤ ᠴᠢᠨᠠᠷ ᠪᠠ ᠠᠭᠤᠰᠤᠯᠴᠠᠬᠤ ᠴᠢᠨᠠᠷ ᠢ ᠮᠡᠳᠡᠷᠡᠭᠦᠯᠵᠡᠢ᠃       ᠰᠢᠨ ᠴᠧᠩ ᠵᠡᠭᠡᠯᠢ ᠦᠷᠬᠦᠯᠵᠢᠯᠡᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠬᠤ ᠠᠵᠢᠯ ᠢ ᠭᠤᠣᠯᠳᠠᠯᠭᠠᠳᠣ ᠠᠵᠢᠯᠯᠠᠭ᠎ᠠ ᠪᠠᠨ ᠪᠣᠯᠭᠠᠵᠤ᠂ ᠦᠨᠳᠦᠰᠦᠲᠡᠨ ᠤ ᠰᠣᠶᠣᠯ ᠤᠨ ᠰᠣᠯᠢᠯᠴᠠᠭ᠎ᠠ᠂ ᠦᠨᠳᠦᠰᠦᠲᠡᠨ ᠤ ᠣᠨᠴᠠᠯᠢᠭ ᠪᠦᠬᠦᠢ ᠰᠣᠶᠣᠯ ᠲᠠᠮᠢᠷ ᠤᠨ ᠠᠵᠢᠯᠯᠠᠭ᠎ᠠ ᠵᠡᠷᠭᠡ ᠬᠡᠯᠪᠡᠷᠢ ᠪᠠᠷ ᠬᠡᠦᠬᠡᠳ ᠤᠨ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠮᠡᠳᠡᠯᠭᠡ ᠪᠠᠨ ᠰᠣᠯᠢᠯᠴᠠᠬᠤ ᠪᠠ ᠬᠤᠪᠢᠶᠠᠯᠴᠠᠨ ᠡᠳ᠋ᠯᠡᠬᠦ ᠶᠢ ᠲᠠᠶᠢᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠰᠣᠶᠣᠯ ᠰᠤᠷᠭᠠᠨ ᠬᠥᠮᠦᠵᠢᠯ ᠢ ᠡᠳᠦᠷ ᠲᠤᠳᠤᠮ ᠳᠤ ᠪᠠᠨ ᠠᠭᠤᠰᠬᠠᠨ ᠣᠷᠣᠭᠤᠯᠵᠣ᠂ ᠬᠡᠦᠬᠡᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠡᠬᠡ ᠪᠠᠶᠢᠭᠠᠯᠢ ᠪᠠᠨ ᠬᠠᠶᠢᠷᠠᠯᠠᠬᠤ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ ᠬᠡᠦᠬᠡᠳ ᠤᠨ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠶᠢ ᠲᠠᠰᠤᠷᠠᠯᠳᠠ ᠦᠭᠡᠢ ᠴᠢᠩᠭᠠᠳᠬᠠᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号