11 ᠰᠠᠷ᠎ᠠ ᠶᠢᠨ 10 ᠤ ᠡᠳᠦᠷ᠂ ᠷᠠᠰᠢᠶᠠᠨ ᠤ 2024 — 2025 ᠮᠦᠰᠦ ᠴᠠᠰᠤᠨ ᠤ ᠤᠯᠠᠷᠢᠯ ᠵᠢᠴᠢ | ᠠᠷᠪᠠ ᠵᠢᠰᠦᠳᠦᠭᠡᠷ ᠬᠤᠭᠤᠴᠠᠭᠠᠨ ᠤ ᠮᠦᠰᠦ ᠴᠠᠰᠤᠨ ᠤ ᠨᠠᠶᠢᠷ ᠷᠠᠰᠢᠶᠠᠨ ᠶᠠᠷᠢᠶᠠᠨ ᠤ ᠲᠠᠪᠴᠠᠩ ᠤᠨ ᠲᠦᠪ ᠲᠤ | ᠡᠬᠢᠯᠡᠪᠡ᠃ | ᠡᠬᠢᠯᠡᠯᠳᠡ ᠶᠢᠨ ᠶᠤᠰᠤᠯᠠᠯ ᠤᠨ ᠠᠬᠤᠢ ᠲᠠᠯᠠᠪᠠᠢ ᠳᠤ᠂ ︽ᠤᠮᠠᠷᠠᠳᠦ ᠬᠢᠯᠢ ᠶᠢᠨ ᠬᠠᠯᠠᠭᠤᠨ ᠷᠠᠰᠢᠶᠠᠨ | ᠴᠠᠰᠤᠳᠦ ᠬᠤᠳᠠ ᠶᠢᠨ ᠮᠦᠰᠦ ᠴᠠᠰᠤᠨ ᠤ ᠤᠷᠢᠯᠭ᠎ᠠ︾ ᠵᠡᠷᠭᠡ ᠮᠦᠰᠦ ᠴᠠᠰᠤᠨ ᠤ ᠤᠬᠠᠭᠤᠯᠭ᠎ᠠ ᠶᠢᠨ ᠹᠢᠯᠢᠮ ᠢ | ᠨᠡᠪᠳᠡᠷᠡᠬᠦᠯᠵᠦ᠂ ᠷᠠᠰᠢᠶᠠᠨ ᠬᠤᠳᠠ ᠶᠢᠨ ᠤᠯᠠᠭᠠᠨᠮᠦ᠋ᠴᠢᠷ ᠠᠴᠠ ︽ᠮᠦᠰᠦ ᠴᠠᠰᠤᠨ ᠤ ᠪᠤᠯᠵᠤᠭ᠎ᠠ︾ ᠭᠡᠬᠦ ᠲᠠᠭᠤᠤ | ᠪᠦᠵᠢᠭ ᠤᠨ ᠲᠤᠭᠯᠠᠯᠳᠠ ᠭᠠᠷᠭᠠᠨ᠂ ᠬᠤᠷᠠᠯ ᠳᠤ ᠤᠷᠤᠯᠴᠠᠭᠰᠠᠨ ᠵᠤᠴᠢᠳ ᠵᠢᠴᠢ ᠮᠤᠩᠭᠤᠯ ᠤᠯᠤᠰ᠂ ᠤᠷᠤᠰ | ᠵᠢᠴᠢ ᠪᠦᠬᠦ ᠤᠯᠤᠰ ᠤᠨ ᠡᠯ᠎ᠡ ᠭᠠᠵᠠᠷ ᠤᠨ 500 ᠭᠠᠷᠤᠢ ᠵᠢᠭᠤᠯᠴᠢᠯᠠᠯ ᠤᠨ ᠠᠷᠠᠯᠵᠢᠶᠠᠴᠢᠨ᠂ ᠠᠵᠦ | ᠠᠬᠤᠶᠢᠯᠠᠯ ᠤᠨ ᠲᠦᠯᠦᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ ᠳᠤ ᠷᠠᠰᠢᠶᠠᠨ ᠤ ᠪᠠᠶᠢᠭᠠᠯᠢ ᠶᠢᠨ ᠦᠩᠭᠡ | ᠦᠵᠡᠮᠵᠢ ᠪᠤᠯᠤᠨ ᠡᠯᠪᠡᠭ ᠪᠠᠶᠠᠯᠢᠭ ᠮᠦᠰᠦ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠲᠡᠯᠭᠡᠨ ᠦᠵᠡᠬᠦᠯᠪᠡ᠃ | ᠮᠦᠰᠦ ᠴᠠᠰᠦ᠂ ᠬᠠᠯᠠᠭᠤᠨ ᠷᠠᠰᠢᠶᠠᠨ ᠵᠡᠷᠭᠡ ᠠᠭᠤᠯᠭ᠎ᠠ ᠶᠢ ᠬᠠᠮᠤᠷᠤᠭᠰᠠᠨ 10 ᠵᠦᠢᠯ ᠤᠨ ᠭᠤᠤᠯᠯᠠᠭᠴᠢ | ᠵᠢᠭᠤᠯᠴᠢᠯᠠᠯ ᠤᠨ ᠪᠦᠳᠦᠭᠡᠭᠳᠡᠬᠦᠨ ᠪᠤᠯᠤᠨ ᠡᠪᠤᠯ ᠤᠨ ᠤᠯᠠᠷᠢᠯ ᠤᠨ 4 ᠵᠦᠢᠯ ᠤᠨ ᠰᠤᠳᠤᠨ ᠵᠢᠭᠤᠯᠴᠢᠯᠠᠯ ᠤᠨ | ᠱᠤᠭᠤᠮ ᠢ ᠲᠠᠨᠢᠯᠴᠠᠭᠤᠯᠬᠤ ᠶᠢᠨ ᠬᠠᠮᠳᠦ ᠷᠠᠰᠢᠶᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠤᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠨᠡᠶᠢᠳᠡᠯᠡᠵᠦ᠂ ᠡᠯ᠎ᠡ ᠭᠠᠵᠠᠷ ᠤᠨ ᠵᠢᠭᠤᠯᠴᠢᠯᠠᠭᠴᠢᠳ ᠲᠤ ᠤᠷᠢᠯᠭ᠎ᠠ ᠶᠢᠨ ᠪᠢᠴᠢᠭ | ᠶᠠᠪᠤᠭᠤᠯᠪᠠ᠃ ᠡᠬᠦᠨ ᠠᠴᠠ ᠭᠠᠳᠠᠨ᠎ᠠ ︽ᠬᠠᠷᠠᠮᠰᠠᠯ ᠦᠬᠡᠢ ᠲᠤᠷᠠᠳᠬᠠᠯ︾ ᠭᠡᠬᠦ ᠺᠢᠨᠤ᠋ ᠶᠢᠨ ᠪᠦᠬᠦ ᠤᠯᠤᠰ ᠤᠨ | ᠰᠤᠶᠤᠯ ᠵᠢᠭᠤᠯᠴᠢᠯᠠᠯ ᠤᠬᠠᠭᠤᠯᠭ᠎ᠠ ᠶᠢᠨ ᠡᠬᠢᠯᠡᠯᠳᠡ ᠶᠢᠨ ᠶᠤᠰᠤᠯᠠᠯ ᠴᠤ ᠵᠡᠷᠭᠡᠪᠡᠷ ᠶᠠᠪᠤᠭᠳᠠᠪᠠ᠃ ᠮᠦᠰᠦ | ᠴᠠᠰᠤᠨ ᠤ ᠵᠢᠭᠤᠯᠴᠢᠯᠠᠯ ᠤᠨ ᠰᠢᠨ᠎ᠡ ᠠᠮᠢ ᠠᠬᠤᠢ ᠶᠢᠨ ᠵᠦᠪᠯᠡᠯᠴᠡᠭᠡᠷ ᠲᠤᠭᠳᠠᠬᠤ ᠶᠤᠰᠤᠯᠠᠯ ᠲᠡᠭᠡᠷ᠎ᠠ ᠤᠯᠠᠨ | ᠬᠦᠷᠢᠶᠡᠨ ᠤ ᠬᠠᠮᠳᠤᠷᠠᠯᠴᠠᠭᠠᠨ ᠤ ᠲᠦᠷᠦᠯ ᠵᠦᠢᠯ ᠤᠨ ᠵᠦᠪᠯᠡᠯᠴᠡᠭᠡᠷ ᠲᠤᠭᠳᠠᠵᠦ᠂ ᠷᠠᠰᠢᠶᠠᠨ ᠤ ᠮᠦᠰᠦ ᠴᠠᠰᠤᠨ ᠤ | ᠵᠢᠭᠤᠯᠴᠢᠯᠠᠯ ᠤᠨ ᠥᠢᠯᠠᠰ ᠤᠨ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠤᠯᠭᠤᠪᠠ᠃ ᠡᠬᠢᠯᠡᠯᠳᠡ ᠶᠢᠨ | ᠶᠤᠰᠤᠯᠠᠯ ᠢ ᠪᠦᠬᠦ ᠶᠠᠪᠤᠴᠠ ᠪᠠᠷ ᠰᠢᠭᠤᠳ ᠨᠡᠪᠳᠡᠷᠡᠬᠦᠯᠭᠡ ᠬᠢᠵᠦ᠂ 70 ᠭᠠᠷᠤᠢ ᠵᠠᠭᠤᠴᠢᠯᠠᠭᠤᠷ ᠤᠨ ᠬᠢᠨ ᠵᠡᠷᠭᠡᠪᠡᠷ | ᠰᠢᠭᠤᠳ ᠨᠡᠪᠳᠡᠷᠡᠬᠦᠯᠭᠡ ᠬᠢᠭᠰᠡᠨ ᠪᠠᠶᠢᠨ᠎ᠠ᠃ ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ︽ᠠᠶᠠᠯᠭᠤᠳᠤ | ᠵᠢᠭᠤᠯᠴᠢᠯᠠᠯ ᠦᠪᠦᠷ ᠮᠤᠩᠭᠤᠯ · ᠤᠶᠠᠩᠭᠠᠳᠤ ᠲᠠᠭᠤᠤ ᠷᠠᠰᠢᠶᠠᠨ︾ ᠰᠡᠳᠦᠪᠳᠤ ᠤᠷᠠᠨ ᠰᠠᠶᠢᠬᠠᠨ ᠤ ᠲᠤᠭᠯᠠᠯᠳᠠ | ᠶᠠᠪᠤᠭᠳᠠᠵᠦ᠂ ᠦᠷᠭᠡᠨ ᠤᠯᠠᠨ ᠵᠢᠭᠤᠯᠴᠢᠯᠠᠭᠴᠢᠳ ᠤᠨ ᠬᠠᠷᠠᠭ᠎ᠠ ᠰᠤᠨᠤᠷ ᠢ ᠪᠠᠶᠠᠰᠬᠠᠵᠠᠢ᠃ | ︽ᠮᠠᠨ ᠤ 14 ᠲᠠᠮᠢᠷᠴᠢᠨ 11 ᠰᠠᠷ᠎ᠠ ᠶᠢᠨ 3 ᠤ ᠡᠳᠦᠷ ᠷᠠᠰᠢᠶᠠᠨ ᠳᠤ ᠢᠷᠡᠵᠦ᠂ 2025 ᠣᠨ ᠤ 3 | ᠰᠠᠷ᠎ᠠ ᠶᠢᠨ ᠳᠤᠮᠳᠠᠴᠢ ᠪᠣᠯᠲᠠᠯ᠎ᠠ ᠪᠣᠯᠪᠠᠰᠤᠷᠠᠬᠤ ᠪᠠᠷ ᠲᠦᠯᠦᠪᠯᠡᠵᠦ ᠪᠠᠶᠢᠨ᠎ᠠ᠃ ᠷᠠᠰᠢᠶᠠᠨ ᠪᠣᠯ ᠤᠯᠤᠰ ᠤᠨ | ᠳᠣᠲᠣᠭᠠᠳᠤ ᠶᠢᠨ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠠᠭᠠᠷ ᠤᠨ ᠤᠷ᠎ᠠ ᠮᠡᠷᠭᠡᠵᠢᠯ ᠤᠨ | ᠪᠣᠯᠪᠠᠰᠤᠷᠠᠯ ᠤᠨ ᠬᠠᠮᠤᠭ ᠤᠨ ᠰᠠᠶᠢᠨ ᠲᠠᠯᠠᠪᠤᠷ ᠤᠨ ᠨᠢᠭᠡ ᠮᠥᠨ᠂ ᠣᠯᠠᠨ ᠤᠯᠤᠰ ᠤᠨ ᠤᠷᠤᠯᠳᠤᠭᠠᠨ ᠤ | ᠪᠠᠷᠢᠮᠵᠢᠶ᠎ᠠ ᠳᠤ ᠪᠦᠷᠢᠮᠦᠰᠦᠨ ᠨᠡᠶᠢᠴᠡᠵᠦ ᠪᠠᠶᠢᠨ᠎ᠠ᠂ ᠡᠬᠦᠨ ᠳᠤ ᠢᠵᠢ ᠪᠦᠷᠢᠳᠦᠬᠦᠯᠦᠭᠰᠡᠨ ᠦᠢᠯᠡᠴᠢᠯᠡᠭᠡ ᠶᠢ ᠮᠠᠰᠢ | ᠰᠠᠶᠢᠨ ᠬᠢᠭᠰᠡᠨ ᠪᠠᠶᠢᠨ᠎ᠠ︾ ᠭᠡᠵᠦ ᠯᠢᠶᠣᠤᠨᠢᠩ ᠮᠤᠵᠢ ᠶᠢᠨ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ | ᠠᠭᠠᠷ ᠤᠨ ᠤᠷ᠎ᠠ ᠮᠡᠷᠭᠡᠵᠢᠯ ᠤᠨ ᠭᠤᠤᠯ ᠰᠤᠷᠭᠠᠭᠴᠢ ᠭᠤᠸᠠᠩ ᠵᠢᠶᠠᠨ ᠬᠡᠯᠡᠨ᠎ᠠ᠃ | ︽ᠡᠨᠡ ᠵᠢᠯ᠂ ᠴᠠᠰᠤᠨ ᠳᠤ ᠭᠤᠯᠭᠤᠬᠤ ᠲᠠᠯᠠᠪᠠᠶ ᠦᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠠᠷᠪᠠ | ᠭᠠᠷᠤᠢ ᠡᠳᠦᠷ ᠡᠷᠳᠡ ᠡᠬᠦᠳᠡ ᠨᠡᠭᠡᠭᠡᠭᠰᠡᠨ ᠪᠠᠶᠢᠨ᠎ᠠ᠂ ᠠᠳᠠᠯᠢ ᠪᠤᠰᠤ ᠬᠢᠷᠢ ᠲᠦᠪᠰᠢᠨ ᠪᠦᠬᠦᠢ ᠴᠠᠰᠤᠨ ᠳᠤ | ᠭᠤᠯᠭᠤᠬᠤ ᠪᠠᠭ᠋ᠠᠳᠡᠳ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ 70 ᠳᠠᠩ ᠬᠠᠪᠲᠠᠰᠤ᠂ 100 ᠬᠤᠣᠰ | ᠬᠠᠪᠲᠠᠰᠤ ᠶᠢ ᠰᠢᠨ᠎ᠡ ᠪᠠᠷ ᠣᠷᠣᠭᠤᠯᠤᠭᠰᠠᠨ ᠪᠥᠭᠡᠳ ᠴᠠᠰᠤᠨ ᠵᠠᠮ ᠢ ᠰᠢᠨ᠎ᠡ ᠪᠠᠷ ᠨᠡᠮᠡᠵᠡᠢ︾ ᠭᠡᠵᠦ ᠷᠠᠰᠢᠶᠠᠨ | ᠬᠤᠳᠠ ᠶᠢᠨ ᠲᠠᠢ ᠸᠧᠢ ᠴᠠᠰᠤᠨ ᠳᠤ ᠭᠤᠯᠭᠤᠬᠤ ᠲᠠᠯᠠᠪᠠᠢ ᠶᠢᠨ ᠳᠠᠭᠠᠭᠠᠮᠠᠯ ᠮᠠ ᠢᠦᠢ ᠱᠢ ᠬᠡᠯᠡᠨ᠎ᠠ᠃ ︵ᠪᠤᠤ ᠢ | ᠵᠢᠩ ᠳᠤᠯᠭᠠᠭᠤᠷᠢ︶ |