ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠤ ᠰᠡᠳᠬᠢᠯ ᠢᠶᠠᠨ ᠨᠢᠭᠡᠳᠬᠡᠵᠦ ᠬᠤᠪᠢᠰᠬᠠᠯᠳᠣ  ᠣᠳᠣᠮᠰᠢᠯ ᠢ ᠤᠯᠠᠮᠵᠢᠯᠠᠬᠤ︾ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/11/14
    ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠵᠣᠷᠢᠭ ᠢ ᠪᠠᠲᠤᠳᠬᠠᠵᠣ᠂ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠦᠮᠣᠵᠢᠬᠦᠯᠣᠨ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ  ᠶᠢ ᠣᠷᠢᠶᠠᠯᠠᠬᠤ ᠶᠢᠨ ᠲᠦᠯᠣᠭᠡ᠂ 11 ᠰᠠᠷ᠎ᠠ ᠶᠢᠨ 13 ᠤ ᠡᠳᠣᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ᠂ ᠱᠠᠰᠢᠨ ᠰᠢᠲᠦᠭᠴᠢ ᠵᠢᠴᠢ ᠠᠬᠠᠮᠠᠳ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ︽ᠲᠠᠯ᠎ᠠ ᠨᠤᠲᠤᠭ ᠲᠤ ᠮᠥᠩᠬᠡ ᠶᠢᠨ ᠨᠡᠷᠡᠨ ᠮᠠᠨᠳᠤᠯ᠎ᠠ︾ ᠪᠠ ︽ᠦᠶ᠎ᠡ ᠶᠢᠨ ᠦᠶ᠎ᠡ ᠶᠢᠨ ᠮᠠᠭᠲᠠᠭᠠᠯ ᠳᠠᠭᠤᠤ︾ ᠶᠢ ᠬᠠᠮᠲᠤᠪᠠᠷ ᠰᠣᠨᠢᠷᠬᠠᠭᠤᠯᠪᠠ᠃    ᠭᠠᠶᠢᠬᠠᠮᠰᠢᠭᠲᠤ ᠣᠨ ᠰᠠᠷ᠎ᠠ ᠶᠢ ᠲᠠᠬᠢᠨ ᠰᠠᠨᠠᠭᠠᠯᠵᠠᠵᠤ ᠬᠤᠪᠢᠰᠬᠠᠯᠳᠣ  ᠣᠳᠣᠮᠰᠢᠯ ᠢ ᠦᠷᠭᠦᠯᠵᠢᠯᠡᠭᠦᠯᠦᠨ᠎ᠡ    ︽ᠲᠠᠯ᠎ᠠ ᠨᠤᠲᠤᠭ ᠲᠤ ᠮᠥᠩᠬᠡ ᠶᠢᠨ ᠨᠡᠷᠡᠨ ᠮᠠᠨᠳᠤᠯ᠎ᠠ︾ ᠭᠡᠬᠦ  ᠹᠢᠯᠢᠮ ᠳᠤ ᠬᠢᠩᠭᠠᠨ ᠠᠶᠢᠮᠠᠭ ᠤᠨ ᠠᠷᠠᠳ ᠲᠦᠮᠡᠨ ᠤ ᠠᠮᠢ ᠠᠬᠤᠢ ᠶᠢᠨ ᠪᠣᠯᠪᠠᠰᠤᠨ ᠢ ᠶᠠᠷᠢᠵᠣ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠭᠦᠯᠬᠦ ᠳᠤᠮᠳᠠ ᠪᠣᠬᠢᠷᠲᠤᠯ ᠦᠭᠡᠢ ᠰᠣᠶᠣᠯ ᠢ ᠰᠠᠬᠢᠨ ᠬᠠᠮᠠᠭᠠᠯᠠᠵᠤ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠠᠮᠲᠤ ᠶᠢᠨ ᠭᠡᠷ ᠣᠷᠣᠨ ᠢᠶᠠᠨ ᠴᠢᠷᠮᠠᠶᠢᠨ ᠪᠦᠳᠦᠭᠡᠨ ᠪᠠᠶᠢᠭᠤᠯᠬᠤ ᠲᠤᠬᠠᠢ ᠦᠯᠢᠭᠡᠷ ᠢ ᠶᠠᠷᠢᠵᠠᠢ᠃ ᠭᠡᠷᠡᠯ ᠵᠢᠷᠤᠭ ᠢ ᠦᠵᠡᠭᠰᠡᠨ ᠤ ᠲᠠᠷᠠᠭ᠎ᠠ᠂ ᠤᠯᠠᠨ ᠢᠶᠠᠷ ᠢᠶᠠᠨ᠂ ᠦᠷᠭᠦᠯᠵᠢᠯᠡᠨ ᠨᠠᠮ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠵᠤ᠂ ᠨᠠᠮ ᠤᠨ ᠠᠴᠢ  ᠳᠤ ᠲᠠᠯᠠᠷᠬᠠᠵᠣ ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠵᠥ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠤᠷᠤᠭᠰᠢᠯᠠᠬᠤ ᠳᠠᠭᠠᠨ ᠢᠷᠡᠭᠰᠡᠨ ᠵᠠᠮ ᠢᠶᠠᠨ ᠮᠠᠷᠲᠠᠬᠤ ᠦᠭᠡᠢ᠂ ᠤᠬ ᠰᠠᠨᠠᠭ᠎ᠠ ᠪᠠᠨ ᠬᠤᠪᠢᠷᠠᠭᠤᠯᠬᠤ ᠦᠭᠡᠢ ᠪᠠᠷ ᠡᠷᠡᠯᠬᠡᠭᠯᠡᠨ ᠤᠷᠤᠭᠰᠢᠯᠠᠨ᠎ᠠ︾ ᠭᠡᠳᠡᠭ ᠢ ᠴᠠᠭ ᠢᠮᠠᠭᠲᠠ ᠴᠡᠭᠡᠵᠢᠯᠡᠵᠦ ᠪᠠᠶᠢᠨ᠎ᠠ ᠭᠡᠵᠦ ᠢᠯᠡᠳᠬᠡᠵᠡᠭᠡᠪᠡ᠃    ᠦᠨᠳᠦᠰᠦᠲᠡᠨ ᠤ ᠪᠦᠯᠬᠦᠮᠳᠡᠯ ᠳᠤ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠤᠨ᠎ᠠ   ︽ᠦᠶ᠎ᠡ ᠶᠢᠨ ᠦᠶ᠎ᠡ ᠶᠢᠨ ᠮᠠᠭᠲᠠᠭᠠᠯ ᠳᠠᠭᠤᠤ︾ ᠭᠡᠬᠦ  ᠹᠢᠯᠢᠮ ᠳᠤ ᠬᠢᠩᠭᠠᠨ ᠠᠶᠢᠮᠠᠭ ᠤᠨ ᠦᠨᠳᠦᠰᠦᠲᠡᠨ ᠤ ᠠᠵᠢᠯ ᠤᠨ ᠭᠦᠨ ᠵᠤᠵᠠᠭᠠᠨ ᠲᠡᠦᠬᠡ ᠪᠠ ᠰᠣᠶᠣᠯ ᠤᠨ ᠠᠭᠤᠯᠬᠤᠨ ᠢ ᠢᠯᠡᠷᠡᠭᠦᠯᠵᠦ᠂ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠡᠷᠡᠯᠬᠡᠭᠯᠡᠨ ᠤᠷᠤᠭᠰᠢᠯᠠᠭᠰᠠᠨ ᠴᠤ᠋ ᠰᠢᠨ᠎ᠡ ᠵᠢᠷᠤᠭ ᠲᠥᠰᠦᠪ ᠢ ᠵᠢᠷᠤᠭᠯᠠᠵᠠᠢ᠃ ᠪᠠᠷᠢᠮᠲᠠᠲᠤ ᠹᠢᠯᠢᠮ ᠢ ᠰᠣᠨᠢᠷᠬᠠᠬᠤ ᠪᠠᠷ ᠲᠠᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠠᠮᠢᠳᠤᠷᠠᠯ ᠤᠨ ᠲᠠᠯ᠎ᠠ ᠪᠠᠷ ᠬᠢ ᠬᠤᠪᠢᠷᠠᠯᠲᠠ ᠶᠢ ᠭᠦᠨᠵᠡᠭᠡᠢ ᠣᠶᠢᠯᠠᠭᠠᠵᠤ᠂  ᠮᠠᠨ ᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠡᠮᠡᠴᠡᠭᠰᠡᠨ ᠳᠤ  ᠲᠠᠯᠠᠷᠬᠠᠯ ᠢᠶᠠᠨ ᠢᠯᠡᠳᠭᠡᠪᠡ᠃    ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠬᠦᠢᠴᠡᠳ  ᠢᠯᠡᠷᠡᠬᠦᠯᠵᠣ᠂ ᠬᠠᠷᠢᠶ᠎ᠠ ᠣᠷᠣᠨ ᠤ ᠨᠠᠮ ᠤᠨ ᠭᠡᠰᠢᠭᠦᠨ᠂ ᠣᠯᠠᠨ ᠲᠦᠮᠡᠨ ᠤ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ︾ ᠶᠠᠪᠤᠳᠠᠯ ᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠦᠯᠬᠦᠮᠳᠡᠨ ᠬᠠᠪᠰᠤᠷᠤᠯᠴᠠᠵᠤ᠂ ᠬᠠᠮᠲᠤᠪᠠᠷ ᠲᠠᠪᠰᠢᠬᠤ ᠶᠢ ᠬᠦᠳᠦᠯᠦᠨ ᠵᠢᠯᠣᠭᠤᠳᠴᠤ᠂ ᠪᠠᠶᠠᠯᠢᠭ ᠰᠠᠶᠢᠬᠠᠨ ᠠᠵᠢᠯᠯᠠᠭ᠎ᠠ ᠶᠢᠨ ᠬᠡᠯᠪᠡᠷᠢ ᠪᠠᠷ ᠬᠤᠪᠢᠰᠬᠠᠯ ᠤᠨ ᠰᠣᠶᠣᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠬᠤᠪᠢᠰᠬᠠᠯ ᠤᠨ ᠣᠳᠣᠮᠰᠢᠯ ᠢ ᠤᠯᠠᠮᠵᠢᠯᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠳᠡᠪᠬᠢᠲᠡᠢ ᠥᠭᠡᠳᠡᠷᠬᠡᠭ ᠡᠶ᠎ᠡ ᠵᠣᠬᠢᠴᠠᠩᠭᠤᠢ ᠪᠣᠯᠪᠠᠰᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠤᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号