ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠤ ︽ᠬᠤᠪᠢᠰᠬᠠᠯ ᠤᠨ ᠣᠳᠣᠮᠰᠢᠯ ᠢ ᠤᠯᠠᠮᠵᠢᠯᠠᠨ ᠵᠠᠯᠭᠠᠮᠵᠢᠯᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/11/14
    ᠬᠤᠪᠢᠰᠬᠠᠯ ᠤᠨ ᠣᠳᠣᠮᠰᠢᠯ ᠢ ᠴᠢᠨᠠᠭᠰᠢᠳᠠ ᠤᠯᠠᠮᠵᠢᠯᠠᠵᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠦᠨᠡᠨ ᠬᠦ ᠦᠢᠯᠡᠳᠦᠯᠭᠡᠵᠢᠭᠦᠯᠬᠦ ᠶᠢᠨ ᠲᠥᠯᠥᠭᠡ᠂ 11 ᠰᠠᠷ᠎ᠠ ᠶᠢᠨ 13 ᠤ ᠡᠳᠣᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠤ ︽ᠬᠤᠪᠢᠰᠬᠠᠯ ᠤᠨ ᠣᠳᠣᠮᠰᠢᠯ ᠢ ᠤᠯᠠᠮᠵᠢᠯᠠᠨ ᠵᠠᠯᠭᠠᠮᠵᠢᠯᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ︾ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠩ ᠲᠡᠷᠢᠭᠦᠨ ᠳᠤ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠶᠠᠫᠣᠨ ᠢ ᠡᠰᠡᠷᠭᠦᠴᠡᠭᠰᠡᠨ ᠪᠠᠭᠠᠲᠤᠷ ᠶᠠᠩ ᠵᠢᠩ ᠢᠦᠢ ᠶᠢᠨ ᠦᠯᠢᠭᠡᠷ ᠢ ᠶᠠᠷᠢᠵᠤ ᠥᠭᠪᠡ᠃ ︽ᠴᠠᠰᠤ ᠮᠥᠰᠥᠨ ᠳᠤ ᠬᠤᠴᠢᠭᠳᠠᠵᠤ᠂ ᠰᠤᠮᠤ ᠬᠦᠨᠡᠰᠦ ᠬᠤᠭᠤᠰᠣᠷᠠᠭᠰᠠᠨ ᠬᠦᠴᠢᠷ ᠪᠡᠷᠬᠡᠰᠢᠶᠡᠯᠲᠦ ᠪᠠᠶᠢᠳᠠᠯ ᠳᠣᠣᠷ᠎ᠠ᠂ ᠶᠠᠩ ᠵᠢᠩ ᠢᠦᠢ ᠭᠠᠭᠴᠠᠭᠠᠷ ᠢᠶᠠᠨ ᠳᠠᠶᠢᠰᠤᠨ ᠲᠠᠢ ᠬᠡᠳᠦᠨ ᠰᠥᠨᠢ ᠬᠡᠳᠦᠨ ᠡᠳᠦᠷ ᠡᠰᠠᠷᠬᠦᠴᠠᠯᠳᠣᠨ ᠲᠡᠮᠡᠴᠠᠵᠣ ᠡᠴᠦᠰ ᠤᠨ ᠠᠮᠢᠰᠬᠤᠭ᠎ᠠ ᠪᠠᠨ ᠬᠤᠷᠢᠶᠠᠳᠡᠯ᠎ᠠ ᠪᠠᠶᠢᠯᠳᠤᠪᠠ᠃ ᠳᠠᠶᠢᠰᠤᠨ ᠲᠡᠭᠦᠨ ᠤ ᠬᠡᠭᠦᠷ ᠢ ᠬᠠᠷᠭᠢᠰ ᠬᠡᠷᠴᠡᠭᠡᠢ ᠪᠠᠷ ᠣᠭᠲᠣᠯᠤᠨ ᠭᠡᠳᠡᠰᠦ ᠶᠢ ᠨᠢ ᠬᠠᠭᠠᠯᠬᠤ ᠳᠤ᠂ ᠲᠡᠭᠦᠨ ᠤ ᠬᠤᠳᠣᠭᠤᠳᠣᠨ ᠳᠤ ᠵᠥᠪᠬᠡᠨ ᠮᠣᠳᠣᠨ ᠬᠠᠯᠢᠰᠤ᠂ ᠡᠪᠡᠰᠦᠨ ᠦᠨᠳᠦᠰᠦ᠂ ᠬᠥᠪᠥᠩ ᠤᠨ ᠤᠩᠭᠠᠷᠢᠯ ᠪᠠᠶᠢᠬᠤ ᠠᠴᠠ ᠪᠢᠰᠢ᠂ ᠨᠢᠭᠡ ᠮᠥᠬᠦᠯᠢᠭ ᠠᠮᠤ ᠴᠤ ᠪᠠᠶᠢᠬᠤ ᠦᠭᠡᠢ ᠭᠡᠳᠡᠭ ᠢ ᠣᠯᠵᠤ ᠮᠡᠳᠡᠪᠡ ᠁︾ ᠭᠡᠬᠦ ᠦᠯᠢᠭᠡᠷ ᠲᠤ ᠰᠠᠭᠤᠭᠠᠯᠢ ᠠᠷᠠᠳ ᠲᠤ ᠶᠠᠩ ᠵᠢᠩ ᠢᠦᠢ ᠨᠦᠬᠦᠷ ᠤᠨ ᠶᠠᠫᠣᠨ ᠢ ᠡᠰᠡᠷᠭᠦᠴᠡᠬᠦ ᠡᠷᠡᠰ ᠪᠠᠲᠤ ᠢᠲᠡᠭᠡᠯ ᠵᠣᠷᠢᠭ ᠪᠠ ᠡᠷᠡᠰ ᠬᠠᠲᠠᠭᠤ ᠵᠣᠷᠢᠭ ᠢ ᠤᠯᠠᠨ ᠳᠤ ᠭᠦᠨᠵᠡᠭᠡᠢ ᠮᠡᠳᠡᠷᠡᠭᠦᠯᠵᠡᠢ᠃ ᠳᠠᠷᠠᠭ᠎ᠠ ᠳᠤᠨᠢ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠬᠤᠪᠢᠰᠬᠠᠯᠲᠤ ᠺᠢᠨᠣ᠋ ︽ᠤᠯᠤᠰ ᠪᠠᠶᠢᠭᠤᠯᠤᠭᠰᠠᠨ ᠵᠠᠩᠵᠤᠨ︾ ᠢ ᠰᠣᠨᠢᠷᠬᠠᠪᠠ᠃ ᠲᠤᠰ ᠺᠢᠨᠣ᠋ ᠳᠤ 1955 ᠣᠨ ᠤ 9 ᠰᠠᠷ᠎ᠠ ᠶᠢᠨ ᠰᠡᠭᠦᠯᠴᠢ ᠪᠠᠷ ᠪᠦᠬᠦ ᠴᠡᠷᠢᠭ ᠢᠶᠠᠷ ᠢᠶᠠᠨ ᠠᠩᠬ᠎ᠠ ᠤᠳᠠᠭ᠎ᠠ ᠴᠣᠯᠠ ᠣᠯᠭᠤᠵᠤ ᠭᠠᠪᠢᠶᠠᠨ ᠲᠡᠮᠳᠡᠭ ᠣᠯᠭᠤᠭᠰᠠᠨ ᠲᠡᠦᠬᠡ ᠶᠢᠨ ᠴᠢᠬᠤᠯᠠ ᠵᠠᠩᠭᠢᠯᠠᠭ᠎ᠠ ᠶᠢᠨ ᠴᠡᠭ ᠢᠶᠠᠷ ᠭᠤᠣᠯ ᠰᠢᠵᠢᠮ ᠪᠣᠯᠭᠠᠵᠤ᠂ ᠨᠠᠮ᠂ ᠤᠯᠤᠰ ᠪᠣᠯᠤᠨ ᠴᠡᠷᠢᠭ ᠠᠩᠬᠢ ᠶᠢᠨ ᠬᠤᠪᠢᠰᠬᠠᠯᠲᠤ ᠳᠠᠶᠢᠨ ᠤ ᠳᠤᠮᠳᠠ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠪᠠ ᠪᠠᠯᠠᠷᠠᠰᠢ ᠦᠭᠡᠢ ᠭᠠᠪᠢᠶ᠎ᠠ ᠵᠢᠳᠬᠦᠯ ᠭᠠᠷᠭᠠᠭᠰᠠᠨ ᠳᠠᠷᠤᠭ᠎ᠠ ᠪᠠᠶᠢᠯᠳᠤᠭᠴᠢᠳ ᠢ ᠬᠥᠬᠢᠭᠦᠯᠦᠨ ᠱᠠᠩᠨᠠᠬᠤ ᠶᠠᠪᠤᠴᠠ ᠶᠢ ᠡᠷᠭᠢᠴᠡᠭᠦᠯᠬᠦ ᠪᠠᠷ ᠳᠠᠮᠵᠢᠭᠤᠯᠵᠤ᠂ ᠬᠤᠶᠢᠴᠢ ᠦᠶ᠎ᠡ ᠶᠢᠨ ᠬᠢᠨ ᠳᠤ ᠤᠯᠤᠰ ᠪᠠᠶᠢᠭᠤᠯᠤᠭᠳᠠᠭᠰᠠᠨ ᠪᠠᠭᠠᠳᠣᠷᠴᠣᠳ ᠤᠨ ᠲᠡᠦᠬᠡ ᠶᠢᠨ ᠭᠠᠪᠢᠶ᠎ᠠ ᠵᠢᠳᠬᠦᠯ ᠢ ᠦᠯᠦ ᠮᠠᠷᠲᠠᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯᠲᠤ  ᠣᠳᠣᠮᠰᠢᠯ ᠢᠶᠠᠨ ᠣᠯᠡᠮᠵᠢᠯᠡᠨ ᠵᠠᠯᠭᠠᠮᠵᠢᠯᠠᠬᠤ ᠬᠡᠷᠡᠭᠲᠡᠢ ᠭᠡᠵᠦ ᠰᠡᠷᠡᠮᠵᠢᠯᠡᠭᠦᠯᠵᠡᠢ᠃    ᠲᠤᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠴᠢᠩᠭᠠᠳᠬᠠᠵᠤ᠂ ᠬᠤᠪᠢᠰᠬᠠᠯᠲᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠬᠤ ᠡᠷᠡᠰ ᠵᠣᠷᠢᠭ ᠪᠠ ᠢᠲᠡᠭᠡᠯ ᠢ ᠪᠠᠲᠤᠳᠬᠠᠪᠠ᠃ ᠵᠠᠯᠭᠠᠭᠠᠳ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ︾ ᠤᠨ ᠬᠠᠶᠢᠷ᠎ᠠ ᠰᠡᠳᠬᠢᠯᠭᠡ ᠶᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠦᠨ᠎ᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号