ᠷᠠᠰᠢᠶᠠᠨ ᠬᠤᠲᠠ ᠶᠢᠨ ᠵᠠᠰᠠᠭ ᠤᠨ ᠣᠷᠳᠣᠨ 2024 ᠣᠨ ᠤ 10 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/14
    11 ᠰᠠᠷ᠎ᠠ ᠶᠢᠨ 11 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ 2024 ᠣᠨ ᠤ ᠠᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠷᠠᠰᠢᠶᠠᠨ ᠬᠤᠳᠠ ᠶᠢᠨ ᠤᠢ ᠰᠢᠭᠤᠢ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠵᠢᠭᠡᠯᠡᠯᠭᠡ ᠭᠤᠶᠤᠴᠢᠯᠠᠬᠤ ᠶᠠᠪᠤᠳᠠᠯ ᠢ ᠰᠤᠳᠤᠯᠤᠨ ᠵᠥᠪᠯᠡᠪᠡ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠳᠤ ᠴᠢᠭᠯᠡᠭᠦᠯᠦᠨ ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠵᠢᠭᠡᠯᠡᠯᠭᠡ ᠭᠤᠶᠤᠴᠢᠯᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ︽ᠲᠦᠭᠵᠢᠮᠡᠯ ᠴᠡᠭ︾ ᠢ ᠨᠡᠪᠲᠡᠷᠡᠭᠦᠯᠵᠦ᠂ ︽ᠬᠦᠴᠢᠷ︾ ᠢ ᠲᠣᠭᠤᠯᠣᠨ᠂ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ     ᠬᠤᠷᠠᠯ ᠠᠴᠠ ᠪᠠᠰᠠ ᠪᠤᠰᠤᠳ ᠬᠠᠮᠢᠶ᠎ᠠ ᠪᠦᠬᠦᠢ ᠶᠠᠪᠤᠳᠠᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号