ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/14
   ᠨᠠᠰᠤᠵᠢᠯ ᠤᠨ ᠠᠰᠠᠷᠠᠮᠵᠢ᠂ ᠨᠠᠰᠤᠲᠠᠨ ᠢ ᠲᠤᠰᠠᠯᠠᠬᠤ ᠣᠶᠢᠯᠡᠰ ᠤᠨ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠵᠤ᠂ ᠪᠥᠬᠦ ᠠᠷᠠᠳ ᠤᠨ ᠨᠢᠳᠦ ᠪᠠᠨ ᠬᠠᠶᠢᠷᠠᠯᠠᠬᠤ ᠤᠬᠠᠮᠰᠠᠷ ᠢ ᠴᠢᠩᠭᠠᠳᠬᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠢᠳᠦᠨ ᠤ ᠡᠪᠡᠳᠴᠢᠨ ᠡᠮᠭᠡᠭ ᠢ ᠡᠷᠲᠡᠬᠡᠨ ᠢᠯᠡᠷᠡᠭᠦᠯᠬᠦ ᠶᠢᠨ ᠬᠠᠮᠲᠤ ᠪᠦᠲᠦᠮᠵᠢᠲᠡᠶ ᠣᠨᠣᠰᠢᠯᠠᠨ ᠡᠮᠨᠡᠬᠦ ᠠᠷᠭ᠎ᠠ ᠬᠡᠮᠵᠢᠶ᠎ᠡ ᠶᠢ ᠭᠡᠷᠡᠭᠵᠢᠬᠦᠯᠬᠦ ᠶᠢᠨ ᠲᠥᠯᠥᠭᠡ᠂ 11 ᠰᠠᠷ᠎ᠠ ᠶᠢᠨ 12 ᠤᠨ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠬᠤᠲᠠ ᠶᠢᠨ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ︽ᠲᠦᠭᠡᠮᠠᠯ ᠬᠠᠶᠢᠷ᠎ᠡ ᠪᠠᠷ ᠡᠷᠡᠭᠦᠯ ᠮᠡᠨᠳᠦ ᠶᠢ ᠲᠤᠰᠠᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠲᠦᠩᠯᠢᠶᠣᠤ ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠨᠡᠷ ᠲᠤᠬᠠᠶ ᠶᠢᠨ ᠲᠠᠯᠠᠪᠤᠷ ᠲᠤ ᠨᠡᠶᠢᠲᠡ 80 ᠭᠠᠷᠤᠶ ᠬᠥᠮᠦᠨ ᠳᠤ ᠡᠪᠡᠣᠴᠢᠨ ᠣᠨᠣᠰᠢᠯᠡᠨ ᠪᠠᠶᠢᠴᠠᠭᠠᠵᠤ ᠦᠭᠪᠡ᠃    ᠲᠣᠰ ᠤᠳᠠᠭᠠᠨ ᠤ ᠥᠷᠨᠢᠭᠦᠯᠦᠭᠰᠡᠨ ︽ᠲᠦᠭᠡᠮᠠᠯ ᠬᠠᠶᠢᠷ᠎ᠡ ᠪᠠᠷ ᠡᠷᠡᠭᠦᠯ ᠮᠡᠨᠳᠦ ᠶᠢ ᠲᠤᠰᠠᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠢ ᠬᠠᠪᠰᠤᠷᠤᠨ ᠨᠢᠳᠦᠨ ᠤ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠭᠰᠡᠨ ᠪᠥᠭᠡᠳ ᠲᠤᠰᠬᠠᠶ ᠮᠡᠷᠭᠡᠵᠢᠯ ᠤᠨ ᠰᠠᠨᠠᠭᠤᠯᠭ᠎ᠠ ᠶᠢ ᠣᠯᠵᠤ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠨ ᠥᠭᠴᠦ᠂ ᠥᠷᠭᠡᠨ ᠣᠯᠠᠨ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠪᠠ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃    ᠰᠧᠨᠸᠠᠩ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ᠂ ᠡᠶ᠎ᠡ ᠵᠣᠬᠢᠴᠠᠯ ᠢ ᠬᠠᠮᠲᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ ᠭᠡᠵᠡᠶ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号