ᠷᠡᠰᠢᠶᠠᠨ ᠬᠤᠳᠡ ᠶᠢᠨ ᠲᠢᠶᠠᠨ ‍ᠤᠤᠢ ᠪᠠᠯᠭᠠᠰᠤᠨ ᠤ ᠷᠠᠰᠢᠶᠠᠨ ᠲᠣᠰᠬᠤᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/11/14
    ᠤᠢᠢᠷ᠎ᠠ ᠶᠢᠨ ᠡᠳᠦᠷ ᠤᠳ ᠲᠤ᠂ ᠷᠡᠰᠢᠶᠠᠨ ᠬᠤᠳᠡ ᠶᠢᠨ ᠲᠢᠶᠠᠨ ‍ᠤᠤᠢ ᠪᠠᠯᠭᠠᠰᠤ ᠶᠢᠨ ᠷᠠᠰᠢᠶᠠᠨ ᠲᠣᠰᠬᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠰᠢᠵᠢᠮ ᠪᠣᠯᠭᠠᠵᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠤᠯᠠᠨ ᠲᠦᠮᠡᠨ ᠳᠤ ᠦᠢᠯᠡᠴᠢᠯᠡᠬᠦ ᠴᠢᠳᠠᠪᠬᠢ ᠶᠢ ᠳᠡᠭᠡᠭᠰᠢᠯᠡᠭᠦᠯᠣᠨ᠂ ᠤᠯᠠᠨ ᠲᠦᠮᠡᠨ ᠤ ᠳᠡᠷᠭᠡᠳᠡᠬᠢ ᠬᠦᠴᠢᠷᠳᠡᠯ ᠢ ᠰᠢᠢᠳᠪᠦᠷᠢᠯᠡᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠲᠠᠢ ᠵᠡᠷᠭᠡᠪᠡᠷ ᠠᠬᠢᠭᠤᠯᠬᠤ ᠶᠢ ᠲᠠᠰᠤᠷᠠᠯᠲᠠ ᠦᠭᠡᠢ ᠠᠬᠢᠭᠤᠯᠣᠨ᠂ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠪᠠ᠃    ᠣᠶᠢᠷ᠎ᠠ ᠳᠤ᠂ ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠤᠯᠪᠣᠭᠳᠠᠯ ᠪᠦᠬᠦᠢ  ᠬᠠᠷᠢᠭᠤᠴᠠᠯᠭᠠᠳᠡᠨ ᠬᠢᠨᠠᠨ ᠰᠢᠯᠭᠠᠬᠤ ᠡᠷᠦᠬᠡ ᠾᠧ ᠱᠦ ᠰᠢᠶᠠ ᠶᠢᠨ ᠭᠡᠷ ᠢᠶᠠᠷ ᠬᠦᠷᠴᠣ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠳᠠᠭᠠᠳᠬᠠᠯ ᠵᠡᠷᠭᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠬᠦᠢᠴᠡᠳᠭᠡᠭᠰᠠᠨ ᠪᠠᠶᠢᠨ᠎ᠠ᠂ ᠷᠠᠰᠢᠶᠠᠨ ᠲᠣᠰᠬᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ 4 ᠡᠷᠦᠭᠡ ᠳᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠳᠠᠭᠠᠳᠬᠠᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠦᠭᠪᠡ᠃    ᠲᠢᠶᠠᠨ ‍ᠤᠤᠢ ᠪᠠᠯᠭᠠᠰᠤᠨ ᠤ ᠷᠠᠰᠢᠶᠠᠨ ᠲᠣᠰᠬᠤᠨ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠦᠢᠯᠡᠳᠦᠯᠭᠡᠵᠢᠭᠦᠯᠦᠭᠰᠡᠨ ᠠᠴᠠ ᠨᠠᠰᠢ᠂ ᠨᠡᠩ ᠤᠯᠠᠨ ᠤᠯᠠᠨ ᠲᠦᠮᠡᠨ ᠢ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢ ᠨᠡᠩ ᠢᠯᠡ ᠳᠦᠷᠦᠭᠳᠡᠯ ᠲᠠᠢ ᠪᠣᠯᠭᠠᠵᠤ᠂ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠰᠢᠳᠢᠲᠦ ᠲᠢᠶᠠᠨ ‍ᠤᠤᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号