ᠨᠢᠭᠡᠳᠦᠭᠡᠷ ᠵᠦᠢᠯ᠂ ᠷᠠᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠵᠡᠢ᠃ | ᠬᠤᠶᠠᠳᠤᠭᠠᠷ ᠵᠦᠢᠯ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ | ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠭᠠᠷᠭᠠᠵᠤ᠂ ᠬᠤᠲᠠ ᠶᠢᠨ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ | ᠤᠳᠤᠷᠢᠳᠤᠯᠭ᠎ᠠ ᠶᠢ ᠬᠦᠯᠢᠶᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠶ ᠠᠵᠢᠯ ᠢ ᠡᠭᠦᠷᠭᠡᠯᠡᠵᠦ᠂ ︽ᠮᠠᠯ ᠠᠵᠣ ᠠᠬᠤᠢ ᠲᠠᠷᠢᠶᠠᠯᠡᠩ᠂ | ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ | ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ | ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ | ᠵᠣᠬᠢᠴᠠᠭᠤᠯᠤᠨ ᠱᠠᠯᠠᠪᠳᠠᠭᠤᠯᠤᠨ ᠭᠦᠢᠴᠡᠳᠬᠡᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠠᠷᠢᠨ ᠪᠢᠴᠢᠭ ᠤᠨ ᠲᠠᠰᠤᠭ ᠢ | ᠪᠠᠶᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠦᠳᠡᠭᠡ ᠠᠵᠣ ᠠᠬᠤᠢ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ | ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠨᠠᠮ ᠤᠨ | ᠬᠤᠷᠢᠶ᠎ᠠ ᠶᠢᠨ ᠬᠦᠳᠡᠭᠡ ᠠᠵᠣ ᠠᠬᠤᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ | ᠪᠥᠬᠦᠶ ᠠᠵᠢᠯ ᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠬᠦᠳᠡᠭᠡ ᠠᠵᠣ ᠠᠬᠤᠢ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃ | ᠭᠤᠷᠪᠠᠳᠤᠭᠠᠷ ᠵᠦᠢᠯ᠂ ᠤᠤᠯ ᠤᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠲᠦᠷᠦᠭᠦᠯᠡᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ | ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠭᠠᠵᠠᠷ ᠣᠷᠣᠨ ᠤ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠤᠨ ᠬᠠᠪᠰᠤᠷᠤᠨ ᠲᠡᠳᠬᠦᠬᠦ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠲᠣᠰ ᠱᠠᠲᠤᠨ ᠤ ᠢᠵᠢ ᠪᠥᠷᠢᠳᠦᠭᠦᠯᠬᠦ ᠪᠠᠯᠠ ᠮᠥᠩᠭᠦ ᠶᠢ | ᠬᠤᠪᠢᠶᠠᠷᠢᠯᠠᠬᠤ ᠰᠠᠨᠠᠭᠤᠯᠭ᠎ᠠ ᠶᠢᠨ ᠲᠥᠰᠦᠯ ᠢ ᠰᠤᠳᠤᠯᠤᠨ ᠳᠤᠷᠠᠳᠴᠤ᠂ ᠡᠳ᠋ ᠤᠨ ᠵᠠᠰᠠᠭ ᠤᠨ ᠵᠣᠯᠭᠠᠭᠤᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠥᠬᠦᠶ ᠪᠠᠯᠠ ᠮᠥᠩᠭᠦ ᠶᠢᠨ | ᠬᠡᠷᠡᠭᠯᠡᠯᠲᠡ ᠶᠢ ᠵᠢᠯᠣᠭᠤᠳᠤᠨ ᠬᠢᠨᠠᠯᠲᠠ ᠲᠠᠯᠪᠢᠵᠤ᠂ ᠬᠦᠳᠡᠭᠡ ᠠᠵᠣ ᠠᠬᠤᠢ ᠶᠢᠨ ᠨᠡᠶᠢᠭᠡᠮ ᠤᠨ ᠠᠵᠢᠯ ᠦᠢᠯᠡᠰ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠵᠡᠷᠭᠡ ᠡᠭᠦᠷᠭᠡ ᠬᠠᠷᠢᠭᠤᠴᠠᠯᠭ᠎ᠠ ᠶᠢ ᠬᠤᠲᠠ ᠶᠢᠨ ᠲᠠᠷᠢᠶᠠᠯᠠᠩ | ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠤᠪᠢᠶᠠᠷᠢᠯᠠᠨ | ᠣᠷᠣᠭᠤᠯᠤᠨ᠎ᠠ᠃ | ᠳᠥᠷᠪᠡᠳᠦᠭᠡᠷ ᠵᠦᠢᠯ᠂ ᠲᠣᠰ ᠲᠣᠭᠲᠠᠭᠠᠯ ᠳᠤ ᠲᠣᠭᠲᠠᠭᠠᠭᠰᠠᠨ ᠭᠤᠤᠯ ᠡᠭᠦᠷᠭᠡ ᠬᠠᠷᠢᠭᠤᠴᠠᠯᠭ᠎ᠠ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠬᠤᠲᠠ ᠶᠢᠨ ᠲᠠᠷᠢᠶᠠᠯᠠᠩ ᠮᠠᠯ | ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ | ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ | ᠦᠨᠳᠦᠰᠦᠨ ᠦᠨᠳᠦᠰᠦᠯᠡᠯ ᠪᠣᠯᠤᠨ᠎ᠠ᠃ | ᠲᠠᠪᠤᠳᠤᠭᠠᠷ ᠵᠣᠶᠢᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ︽ᠮᠠᠯ ᠠᠵᠣ ᠠᠬᠤᠢ ᠲᠠᠷᠢᠶᠠᠯᠡᠩ᠂ ᠮᠠᠯᠵᠢᠬᠤ | ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠠᠵᠣ ᠠᠬᠤᠢ | ᠶᠢᠨ ᠠᠵᠤ ᠠᠬᠤᠶ ᠶᠢᠨ ᠠᠵᠢᠯ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ | ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠬᠡᠷᠡᠭ ᠶᠠᠪᠤᠳᠠᠯ ᠤᠨ ᠳᠤᠮᠳᠠ ᠡᠭᠦᠷᠭᠡ ᠴᠢᠳᠠᠪᠤᠷᠢ ᠪᠠᠨ ᠪᠠᠳᠠᠷᠠᠭᠤᠯᠣᠨ᠎ᠠ᠃ | ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠬᠦᠳᠡᠭᠡ ᠠᠵᠣ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠷᠤᠯᠲᠠ ᠪᠠ ᠠᠵᠤ ᠦᠢᠯᠡᠰ ᠤᠨ | ᠬᠥᠭᠵᠢᠯᠲᠡ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ᠂ | ᠮᠠᠯᠴᠢᠨ ᠲᠠᠷᠢᠶᠠᠴᠢᠨ ᠴᠢᠳᠠᠪᠤᠷᠢᠲᠠᠨ ᠢ ᠬᠥᠮᠥᠵᠢᠭᠦᠯᠬᠦ ᠪᠠ ᠦᠨᠡᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ᠂ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠵᠢᠴᠢ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ | ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠬᠦᠳᠡᠭᠡ ᠠᠵᠣ ᠠᠬᠤᠢ ᠮᠠᠯᠴᠢᠨ ᠲᠠᠷᠢᠶᠠᠴᠢᠨ ᠤ ᠠᠵᠤ ᠠᠬᠤᠢ | ᠨᠡᠶᠢᠭᠡᠮ ᠤᠨ ᠪᠠᠶᠢᠯᠳᠤᠬᠤ ᠪᠣᠳᠣᠯᠭ᠎ᠠ᠂ ᠬᠦᠭᠵᠢᠯᠲᠡ ᠶᠢᠨ ᠲᠦᠯᠦᠪᠵᠢᠭᠦᠯᠭᠡ ᠶᠢᠨ ᠠᠵᠢᠯ ᠤᠨ ᠲᠤᠬᠠᠢ ᠤᠯᠤᠰ ᠪᠠᠨ | ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠣᠳᠣᠯᠭ᠎ᠠ ᠪᠠᠨ ᠬᠠᠤᠯᠢ ᠳᠣᠭᠲᠠᠭᠠᠯ ᠢ ᠲᠤᠭᠤᠰᠢᠠᠯᠠᠭᠤᠯᠤᠨ | ᠬᠡᠷᠡᠭᠵᠢᠭᠦᠯᠬᠦ ᠪᠦᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ︶ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠦᠳᠡᠭᠡ ᠠᠵᠣ ᠠᠬᠤᠢ ᠶᠢᠨ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠬᠦᠳᠡᠭᠡ ᠠᠵᠣ ᠠᠬᠤᠢ ᠶᠢᠨ ᠨᠡᠶᠢᠭᠡᠮ ᠤᠨ | ᠦᠢᠯᠡᠰ ᠤᠨ ᠬᠥᠭᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ | ᠡᠭᠦᠷᠭᠡᠯᠡᠵᠦ᠂ ᠬᠦᠳᠡᠭᠡ ᠠᠵᠣ ᠠᠬᠤᠢ ᠶᠢᠨ ᠨᠡᠶᠢᠭᠡᠮ ᠤᠨ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ | ᠲᠥᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠦᠳᠡᠭᠡ ᠠᠵᠣ | ᠠᠬᠤᠢ ᠶᠢᠨ ᠣᠷᠣᠰᠢᠨ ᠰᠠᠭᠤᠬᠤ ᠣᠷᠴᠢᠨ ᠠᠬᠤᠶ ᠶᠢ ᠰᠠᠶᠢᠵᠢᠷᠠᠭᠤᠯᠬᠤ᠂ ᠬᠦᠳᠡᠭᠡ ᠠᠵᠣ ᠠᠬᠤᠢ ᠶᠢᠨ ᠰᠢᠨ᠎ᠡ | ᠮᠠᠶ᠋ᠢᠭ ᠤᠨ ᠣᠶᠤᠨ ᠤ ᠪᠣᠯᠪᠠᠰᠤᠨ᠂ ᠲᠠᠷᠢᠶᠠᠯᠠᠬᠤ ᠰᠢᠯᠢᠳᠡᠭ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ | ᠪᠠᠶᠢᠭᠤᠯᠤᠯᠲᠠ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ | ︵ᠲᠦᠷᠪᠡ︶ ᠬᠦᠳᠡᠭᠡ ᠠᠵᠣ ᠠᠬᠤᠢ ᠶᠢᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠪᠦᠬᠦ ᠬᠤᠲᠠ ᠶᠢᠨ ᠬᠦᠳᠡᠭᠡ ᠠᠵᠣ ᠠᠬᠤᠢ ᠶᠢᠨ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ | ᠭᠠᠵᠠᠷ ᠰᠢᠷᠣᠶ ᠶᠢ ᠰᠢᠯᠵᠢᠭᠦᠯᠬᠦ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠵᠤ᠂ | ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ | ︵ᠲᠠᠪᠤ︶ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ | ᠡᠵᠡᠩᠨᠡᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ᠃ | ︵ᠳᠤᠯᠤᠭ᠎ᠠ︶ ᠪᠦᠬᠦ ᠬᠤᠲᠠ ᠶᠢᠨ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠬᠢᠭᠡᠳ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠨᠠᠢᠮᠠ︶ ᠪᠦᠬᠦ ᠬᠤᠲᠠ ᠶᠢᠨ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ | ᠪᠤᠳᠤᠯᠭ᠎ᠠ᠂ ᠬᠥᠭᠵᠢᠯᠲᠡ ᠶᠢᠨ ᠲᠥᠯᠥᠪᠯᠡᠭᠡ᠂ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠣᠷ ᠲᠦᠪᠰᠢᠨ | ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠠᠷᠪᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠪᠠ ᠦᠷᠭᠦᠯᠵᠢᠯᠡᠨ ᠠᠰᠢᠭᠯᠠᠬᠤ ᠠᠵᠢᠯ ᠢ | ᠵᠢᠯᠣᠭᠤᠳᠤᠨ᠎ᠠ᠃ | ︵ᠠᠷᠪᠠᠨ ᠨᠢᠭᠡ︶ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ | ᠪᠣᠯᠤᠨ ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠣᠨ᠎ᠠ᠃ | ︵ᠠᠷᠪᠠᠨ ᠬᠤᠶᠠᠷ︶ ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ | ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ | ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠳᠥᠷᠪᠡᠳᠦᠭᠡᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠬᠦᠳᠡᠭᠡ ᠠᠵᠣ ᠠᠬᠤᠢ ᠰᠢᠨᠵᠢᠯᠡᠬᠦ | ᠤᠬᠠᠭᠠᠨ ᠤ ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠥᠪᠯᠡᠭᠡ ᠪᠠ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠪᠣᠯᠤᠨ ᠬᠦᠳᠡᠭᠡ ᠠᠵᠣ ᠠᠬᠤᠢ ᠶᠢᠨ ᠴᠢᠳᠠᠪᠤᠷᠢᠲᠠᠨ ᠤ | ᠠᠵᠢᠯ ᠢ ᠵᠢᠯᠣᠭᠤᠳᠤᠨ᠎ᠠ᠃ | ︵ᠠᠷᠪᠠᠨ ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠲᠠᠢ ᠬᠠᠮᠲᠤᠷᠠᠨ ᠠᠵᠢᠯᠯᠠᠬᠤ ᠠᠵᠢᠯ ᠢ | ᠡᠭᠦᠷᠭᠡᠯᠡᠨ᠎ᠡ᠃ | ︵ᠠᠷᠪᠠᠨ ᠨᠠᠢᠮᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ | ᠬᠠᠷᠢᠭᠤᠴᠠᠨ᠎ᠠ᠃ | ︵ᠠᠷᠪᠠ ᠶᠢᠰᠦ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ | ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠨ᠎ᠠ᠃ | ︵ᠬᠤᠷᠢᠨ︶ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ | ᠴᠢᠭᠯᠡᠯ᠂ ᠪᠣᠳᠠᠲᠠᠶ ᠲᠤᠬᠢᠷᠠᠭᠤᠯᠤᠨ ᠪᠦᠲᠦᠭᠡᠨ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠤᠨ | ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠡᠷᠬᠡ ᠮᠡᠳᠡᠯ ᠤᠨ | ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠲᠥᠯᠥᠪᠵᠢᠭᠦᠯᠭᠡ ᠶᠢᠨ | ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠤᠰᠤᠨ ᠠᠰᠢᠭᠯᠠᠯᠲᠠ ᠶᠢᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠬᠢᠨ ᠬᠢᠨᠠᠬᠤ ᠶᠢ | ᠳᠤᠷᠠᠳᠴᠤ᠂ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ | ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠶᠢ | ᠬᠠᠷᠢᠭᠤᠴᠠᠨ᠎ᠠ᠃ | ︵ᠬᠤᠷᠢᠨ ᠨᠢᠭᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ | ︵ᠬᠤᠷᠢᠨ ᠬᠤᠶᠠᠷ︶ ᠤᠰᠤ ᠶᠢ ᠠᠷᠪᠢᠯᠠᠨ ᠭᠠᠮᠨᠠᠬᠤ ᠠᠵᠢᠯ ᠢ ᠬᠠᠷᠢᠭᠤᠴᠠᠨ᠎ᠠ᠃ | ︵ᠬᠤᠷᠢᠨ ᠭᠤᠷᠪᠠᠨ︶ ᠤᠰᠤᠨ ᠠᠰᠢᠭᠯᠠᠯᠲᠠ ᠶᠢᠨ ᠲᠦᠬᠦᠭᠡᠷᠣᠮᠵᠢ᠂ ᠤᠰᠤᠨ ᠣᠷᠣᠨ ᠵᠢᠴᠢ ᠲᠡᠭᠦᠨ ᠤ | ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ | ︵ᠬᠤᠷᠢᠨ ᠳᠥᠷᠪᠡᠨ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ | ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ | ︵ᠬᠤᠷᠢᠨ ᠲᠠᠪᠤᠨ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ | ︵ᠬᠤᠷᠢᠨ ᠵᠢᠷᠭᠤᠭ᠎ᠠ︶ ᠬᠦᠳᠡᠭᠡ ᠠᠵᠣ ᠠᠬᠤᠢ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ | ︵ᠬᠤᠷᠢᠨ ᠳᠣᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠨ ᠬᠠᠮᠢᠶᠠᠷᠬᠤ ᠠᠵᠢᠯ ᠢ | ᠵᠢᠯᠣᠭᠤᠳᠤᠨ᠎ᠠ᠃ | ︵ᠬᠤᠷᠢᠨ ᠨᠠᠢᠮᠡ︶ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠬᠤᠷᠢ ᠶᠢᠰᠦ︶ ᠤᠰᠤᠨ ᠠᠰᠢᠭᠯᠠᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠭᠠᠳᠠᠭᠠᠳᠤ | ᠶᠠᠪᠤᠳᠠᠯ ᠤᠨ ᠠᠵᠢᠯ ᠢ ᠥᠷᠨᠢᠭᠦᠯᠦᠨ᠎ᠡ᠃ | ︵ᠭᠤᠴᠢᠨ︶ ᠪᠦᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ | ︵ᠭᠤᠴᠢᠨ ᠨᠢᠭᠡ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠦᠬᠦ | ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ | ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ | ︵ᠭᠤᠴᠢᠨ ᠬᠤᠶᠠᠷ︶ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ | ᠵᠦᠢᠯ ᠤᠨ ᠲᠥᠰᠦᠯ ᠢ ᠨᠤᠲᠠᠯᠠᠬᠤ᠂ ᠶᠡᠷᠦᠩᠬᠡᠶᠢᠯᠡᠨ ᠲᠡᠩᠴᠡᠭᠦᠷᠢᠰᠢᠭᠦᠯᠬᠦ᠂ ᠦᠨᠡᠯᠡᠨ ᠵᠢᠱᠢᠵᠦ ᠰᠢᠯᠭᠠᠨ ᠠᠪᠬᠤ ᠪᠠ | ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢ ᠬᠠᠷᠢᠭᠤᠴᠠᠨ᠎ᠠ᠃ | ︵ᠭᠤᠴᠢᠨ ᠭᠤᠷᠪᠠᠨ︶ ᠷᠠᠰᠢᠶᠠᠨ ᠬᠤᠲᠠ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠶᠢᠯᠡᠰᠵᠢᠯᠲᠡ ᠶᠢᠨ ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ | ᠵᠠᠭᠤᠴᠢ ᠦᠢᠯᠡᠴᠢᠯᠡᠭᠡᠨ ᠤ ᠰᠢᠰᠲ᠋ᠧᠮ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ | ᠬᠡᠷᠡᠭᠵᠢᠭᠦᠯᠬᠦ ᠶᠢ ᠬᠠᠷᠢᠭᠤᠴᠠᠨ᠎ᠠ᠃ | ︵ᠭᠤᠴᠢᠨ ᠳᠥᠷᠪᠡᠨ︶ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠰᠤᠳᠤᠯᠣᠨᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠰᠢᠰᠲ᠋ᠧᠮᠵᠢᠭᠦᠯᠦᠨ ᠬᠠᠮᠢᠶᠠᠷᠬᠤ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠵᠠᠷᠤᠳᠠᠯ᠂ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠵᠠᠷᠤᠳᠠᠯ᠂ ᠰᠢᠨᠵᠢᠯᠡᠬᠦ ᠤᠬᠠᠭᠠᠨ | ᠮᠡᠷᠭᠡᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠦᠷᠢ ᠲᠠᠢ ᠪᠠᠷ ᠪᠡᠯᠡ ᠮᠥᠩᠭᠦ ᠶᠢ ᠡᠭᠡᠭᠦᠯᠦᠨ ᠬᠤᠷᠢᠶᠠᠬᠤ᠂ ᠬᠡᠷᠡᠭᠯᠡᠬᠦ ᠶᠢ ᠬᠠᠷᠢᠭᠤᠴᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ | ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ | ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠴᠢᠨ ᠲᠠᠪᠤᠨ︶ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠠᠵᠢᠯ ᠢ | ᠬᠠᠷᠢᠭᠤᠴᠠᠨ᠎ᠠ᠃ | ︵ᠭᠤᠴᠢᠨ ᠵᠢᠷᠭᠤᠭ᠎ᠠ︶ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠭᠠᠵᠠᠷ ᠬᠥᠳᠡᠯᠦᠯᠲᠡ ᠶᠢᠨ ᠭᠠᠮᠰᠢᠭ ᠢ | ᠰᠡᠷᠭᠡᠶᠢᠯᠡᠬᠦ᠂ ᠪᠠᠴᠢᠮ ᠪᠠᠶᠢᠳᠡᠯ ᠢ ᠠᠪᠤᠷᠠᠨ ᠲᠤᠰᠠᠯᠠᠬᠤ ᠠᠵᠢᠯ ᠤᠨ ᠰᠢᠰᠲ᠋ᠧᠮ ᠤᠨ ᠱᠠᠭᠠᠷᠳᠠᠯᠭ᠎ᠠ ᠶᠣᠰᠣᠭᠠᠷ᠂ | ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠨ ᠠᠵᠢᠯ ᠢ ᠬᠢᠨᠠᠮᠠᠭᠠᠶ ᠰᠠᠶᠢᠲᠤᠷ ᠬᠢᠨ᠎ᠠ᠃ | ︵ᠭᠤᠴᠢᠨ ᠳᠣᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠲᠠᠰᠤᠷᠠᠯᠳᠠ ᠦᠭᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠣᠨ᠎ᠠ᠃ | ︵ᠭᠤᠴᠢᠨ ᠨᠠᠢᠮᠡ︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | | |