ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ | ᠲᠤᠭ᠎ᠠ ᠶᠢᠨ ᠲᠣᠭᠲᠠᠭᠠᠯ | ᠨᠢᠭᠡᠳᠦᠭᠡᠷ ᠵᠦᠢᠯ᠂ ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ | ᠠᠵᠢᠯᠲᠠᠨ ᠤ ᠣᠷᠣᠨ ᠲᠤᠭ᠎ᠠ ᠶᠢ ᠵᠢᠷᠤᠮᠵᠢᠭᠤᠯᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ ᠤᠨ | ᠬᠡᠪᠴᠢᠶ᠎ᠡ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠶᠢᠷᠠᠭᠤᠯᠤᠨ ᠵᠣᠬᠢᠶᠠᠬᠤ ᠵᠥᠪᠯᠡᠯ ᠤᠨ ᠳᠠᠷᠤᠮᠠᠯᠯᠠᠨ | ᠲᠠᠷᠬᠠᠭᠠᠭᠰᠠᠨ ︽ᠷᠡᠰᠢᠶᠠᠨ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶ᠎ᠠ᠂ ᠷᠠᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠷᠠᠰᠢᠶᠠᠨ ᠬᠤᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ᠂ ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ | ᠪᠣᠯᠤᠨ᠎ᠠ᠃ | ᠭᠤᠷᠪᠠᠳᠤᠭᠠᠷ ᠵᠦᠢᠯ᠂ ᠤᠤᠯ ᠤᠨ ᠷᠠᠰᠢᠶᠠᠨ ᠬᠤᠲᠠ ᠶᠢᠨ ᠡᠮ ᠡᠮᠨᠡᠯᠭᠡ ᠡᠷᠡᠭᠦᠯᠵᠢᠯ ᠤᠨ ᠲᠣᠪᠴᠢᠶ᠎ᠠ ᠶᠢᠨ | ᠡᠭᠦᠷᠭᠡ ᠬᠠᠷᠢᠭᠤᠴᠠᠯᠭ᠎ᠠ ᠶᠢ ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ | ᠳᠥᠷᠪᠡᠳᠦᠭᠡᠷ ᠵᠦᠢᠯ᠂ ᠲᠣᠰ ᠲᠣᠭᠲᠠᠭᠠᠯ ᠳᠤ ᠲᠣᠭᠲᠠᠭᠠᠭᠰᠠᠨ ᠭᠤᠤᠯ ᠡᠭᠦᠷᠭᠡ ᠬᠠᠷᠢᠭᠤᠴᠠᠯᠭ᠎ᠠ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠡᠷᠬᠡ ᠮᠡᠳᠡᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ | ᠦᠨᠳᠦᠰᠦᠯᠡᠯ ᠪᠣᠯᠤᠨ᠎ᠠ᠃ | ᠲᠠᠪᠤᠳᠤᠭᠠᠷ ᠵᠦᠢᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠶᠢᠯᠡᠰ ᠲᠤ ᠬᠤᠯᠪᠣᠭᠳᠠᠬᠤ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠬᠡᠷᠡᠭ ᠤᠨ ᠳᠤᠮᠳᠠ ᠡᠭᠦᠷᠭᠡ | ᠴᠢᠳᠠᠪᠤᠷᠢ ᠪᠠᠨ ᠪᠠᠳᠠᠷᠠᠭᠤᠯᠣᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠪᠦᠬᠦ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ | ᠬᠥᠳᠡᠭᠡ ᠶᠢᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠠᠵᠢᠯ ᠣᠯᠭᠤᠯᠲᠠ᠂ | ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠪᠠ ᠬᠥᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠲᠠᠰᠤᠯᠬᠤ ᠳᠦᠷᠢᠮ ᠪᠠ ᠬᠥᠳᠡᠯᠮᠦᠷᠢ ᠶᠢᠨ | ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠵᠢᠴᠢ ᠲᠣᠰ ᠪᠡᠶ᠎ᠡ ᠶᠢᠨ ᠪᠠᠶᠢᠭᠤᠯᠤᠯᠲᠠ ᠵᠡᠷᠭᠡ ᠪᠥᠬᠦ ᠶᠠᠪᠤᠴᠠ ᠶᠢᠨ ᠡᠯ᠎ᠡ | ᠲᠠᠯ᠎ᠠ ᠳᠤ ᠲᠣᠭᠤᠰᠢᠯᠠᠭᠤᠯᠤᠨ᠎ᠠ᠃ | ︵ᠬᠤᠶᠠᠷ︶ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ | ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ᠂ | ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃ | ︵ᠭᠤᠷᠪᠠ︶ ᠪᠥᠬᠦ ᠬᠤᠲᠠ ᠶᠢᠨ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠠᠵᠢᠯ ᠣᠯᠭᠤᠯᠲᠠ ᠶᠢᠨ | ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠯᠠᠨ | ᠨᠡᠶᠢᠲᠡ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ | ᠃ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ | ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ᠳᠦᠷᠢᠮ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠣᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠤᠯᠬᠤ | ᠲᠦᠷᠦ ᠶᠢᠨ ᠪᠤᠳᠤᠯᠭ᠎ᠠ ᠶᠢ ᠲᠦᠷᠦᠭᠦᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | ︵ᠲᠦᠷᠪᠡ︶ ᠪᠦᠬᠦ ᠬᠤᠳᠠ ᠶᠢᠨ ᠬᠤᠳᠠ ᠬᠥᠳᠡᠭᠡ ᠶᠢ ᠬᠠᠮᠤᠷᠤᠭᠰᠠᠨ ᠤᠯᠠᠨ ᠲᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ | ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ | ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢ ᠬᠠᠮᠢᠶᠠᠷᠬᠤ ᠪᠠ ᠬᠢᠨᠠᠯᠲᠠ | ᠲᠠᠯᠪᠢᠬᠤ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ | ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ | ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠶᠢᠲᠡ ᠣᠯᠠᠨ ᠢᠶᠠᠷ ᠢᠶᠠᠨ ᠦᠢᠯᠡᠴᠢᠯᠡᠬᠦ ᠨᠢᠭᠡᠳᠦᠯᠲᠡᠶ ᠲᠠᠪᠴᠠᠩ ᠢ | ᠪᠠᠶᠢᠭᠤᠯᠣᠨ᠎ᠠ᠃ | ︵ᠲᠠᠪᠤ︶ ᠪᠥᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠬᠦ ᠪᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ | ᠬᠥᠲᠥᠯᠦᠨ ᠵᠢᠯᠣᠭᠤᠳᠬᠤ ᠶᠢ ᠬᠠᠷᠢᠭᠤᠴᠠᠨ᠎ᠠ᠃ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠰᠡᠷᠭᠡᠶᠢᠯᠡᠬᠦ᠂ | ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠯᠳᠡ ᠶᠢᠨ ᠲᠣᠭᠲᠠᠭᠤᠨ ᠪᠠᠶᠢᠳᠠᠯ ᠪᠠ | ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢᠨ | ᠲᠡᠩᠴᠡᠭᠦᠷᠢᠲᠡᠶ ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠤᠰᠢᠶᠠᠯ ᠤᠨ ᠠᠵᠢᠯᠯᠠᠵᠤ ᠠᠮᠠᠷᠠᠬᠤ ᠴᠠᠭ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠦᠯᠦ | ᠬᠦᠷᠦᠭᠰᠡᠨ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠣᠨᠴᠠᠭᠠᠢ ᠬᠥᠳᠡᠯᠮᠦᠷᠢ ᠶᠢᠨ ᠠᠵᠢᠯᠯᠠᠭ᠎ᠠ ᠶᠢ ᠬᠠᠮᠠᠭᠠᠯᠠᠬᠤ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ | ᠪᠠᠶᠢᠴᠠᠭᠠᠬᠤ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ | ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ | ᠬᠥᠮᠦᠵᠢᠯ ᠪᠣᠯᠤᠨ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ | ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠵᠤ᠂ ᠤᠯᠤᠰ ᠤᠨ ︵ᠬᠢᠯᠢ︶ ᠭᠠᠳᠠᠨᠠᠬᠢ ᠲᠤᠰᠬᠠᠶ | ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠵᠠᠬ᠎ᠠ ᠳᠡᠯᠭᠡᠭᠦᠷ ᠲᠤ ᠠᠪᠴᠢᠷᠠᠬᠤ ᠠᠵᠢᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠬᠢᠷᠢ ᠬᠡᠮ ᠢ ᠦᠨᠡᠯᠡᠨ ᠲᠣᠭᠲᠠᠭᠠᠬᠤ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ᠂ | ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ | ᠣᠯᠠᠨ ᠡᠰᠢᠵᠢᠭᠰᠡᠨ ᠦᠨ᠎ᠡ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠡᠷᠬᠡ ᠮᠡᠳᠡᠯ ᠤᠨ | ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠢᠯᠡ ᠪᠠᠷ | ᠡᠯᠰᠡᠬᠦ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠢ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ | ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ | ︵ᠶᠢᠰᠦ︶ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠥᠬᠢᠭᠦᠯᠦᠨ ᠱᠠᠩᠨᠠᠬᠤ ᠲᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ | ᠬᠠᠮᠢᠶᠠᠷᠴᠤ᠂ ᠪᠥᠬᠦ ᠬᠤᠲᠠ ᠶᠢᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠭᠰᠡᠨ ᠢ ᠬᠥᠬᠢᠭᠦᠯᠦᠨ | ᠰᠠᠶᠢᠰᠢᠶᠠᠬᠤ ᠠᠵᠢᠯ ᠢ ᠡᠭᠦᠷᠭᠡᠯᠡᠵᠦ᠂ ᠡᠷᠬᠡ ᠣᠯᠭᠤᠯᠲᠠ ᠶᠢ ᠦᠨᠳᠦᠰᠦᠯᠡᠨ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠬᠤᠲᠠ ᠶᠢᠨ ᠱᠠᠲᠤᠨ ᠤ ᠬᠥᠬᠢᠭᠦᠯᠦᠨ ᠱᠠᠩᠨᠠᠬᠤ | ᠠᠵᠢᠯᠯᠠᠭ᠎ᠠ ᠶᠢ ᠳᠠᠭᠠᠭᠠᠴᠢᠯᠡᠨ ᠭᠦᠢᠴᠡᠳᠬᠡᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠴᠠᠯᠢᠩ ᠤᠨ ᠬᠡᠪ ᠤᠨ ᠶᠣᠰᠣᠭᠠᠷ ᠨᠡᠮᠡᠭᠳᠡᠬᠦᠯᠬᠦ ᠪᠠ ᠥᠭᠬᠦ ᠶᠢ ᠪᠠᠲᠤᠯᠠᠬᠤ ᠲᠣᠭᠲᠠᠴᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠪᠦᠬᠦ ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ | ᠠᠰᠠᠷᠠᠮᠵᠢ ᠪᠣᠯᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠵᠢᠯ ᠢ ᠶᠡᠷᠦᠩᠬᠡᠶᠢᠯᠡᠨ | ᠬᠠᠮᠢᠶᠠᠷᠤᠨ᠎ᠠ᠃ | ︵ᠠᠷᠪᠠᠨ ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ | ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠷᠠᠰᠢᠶᠠᠨ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ | ︵ᠠᠷᠪᠠᠨ ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠬᠤᠷᠠᠮᠳᠤᠭᠤᠯᠬᠤ ᠪᠠ ᠣᠯᠭᠤᠮᠵᠢ ᠶᠢᠨ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠲᠣᠬᠢᠷᠠᠭᠤᠯᠬᠤ ᠪᠠ | ᠣᠷᠣᠨ ᠪᠦᠰᠡ ᠶᠢᠨ ᠲᠣᠬᠢᠷᠠᠭᠤᠯᠬᠤ ᠶᠢᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ | ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠬᠤᠷᠠᠮᠳᠤᠭᠤᠯᠬᠤ | ᠬᠢᠷᠢ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠣᠯᠭᠤᠮᠵᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠳᠥᠷᠢᠮ ᠤᠨ | ᠦᠭᠡᠷᠡᠴᠢᠯᠡᠯᠳᠡ ᠶᠢᠨ ᠳᠥᠰᠥᠯ ᠢ ᠲᠣᠭᠤᠰᠢᠯᠠᠭᠤᠯᠥᠨ ᠨᠡᠶᠢᠳᠡᠪᠦᠷᠢᠵᠢᠭᠤᠯᠥᠨ᠎ᠠ᠃ | ︵ᠠᠷᠪᠠᠨ ᠳᠥᠷᠪᠡᠳᠦᠭᠡᠷ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ | ᠲᠣᠭᠲᠠᠭᠠᠭᠰᠠᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠣᠮᠵᠢ | ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠵᠠᠷᠤᠴᠠᠭᠤᠯᠤᠨ ᠥᠭᠬᠦ ᠪᠠᠷᠢᠮᠵᠢᠶ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠲᠦᠷᠢᠮ ᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠠᠷᠪᠠᠨ ᠲᠠᠪᠤ︶ ᠤᠯᠤᠰ ᠤᠨ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠤᠨ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠣᠮᠵᠢ ᠶᠢᠨ | ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ | ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠢᠶᠠᠷ | ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ | ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ︵ᠠᠷᠪᠠᠨ ᠵᠢᠷᠭᠤᠭ᠎ᠠ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ | ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠣᠲᠣᠷᠠᠬᠢ ᠡᠮᠴᠢᠯᠡᠭᠡᠨ ᠤ ᠦᠢᠯᠡᠴᠢᠯᠡᠭᠡᠨ ᠤ ᠦᠢᠯᠡ | ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠳᠣᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠶᠢᠷᠢᠯᠠᠭᠤᠯᠤᠯᠲᠠ ᠶᠢ | ᠬᠠᠷᠢᠭᠤᠴᠠᠨ᠎ᠠ᠃ ᠣᠨᠳᠣᠤ ᠭᠠᠵᠠᠷ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ | ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠠᠷᠪᠠᠨ ᠨᠠᠢᠮᠡ︶ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠠᠮᠤᠷ | ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃ | ︵ᠠᠷᠪᠠ ᠶᠢᠰᠦ︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | | |