ᠨᠢᠭᠡᠳᠦᠭᠡᠷ ᠵᠦᠢᠯ᠂ ᠷᠠᠰᠢᠶᠠᠨ ᠬᠤᠳᠠ ᠶᠢᠨ ᠠᠷᠠᠳ ᠤᠨ ᠶᠠᠪᠤᠳᠠᠯ ᠪᠣᠯᠤᠨ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠤᠪᠴᠢᠶ᠎ᠠ ᠨᠢ ᠠᠷᠠᠳ ᠤᠨ ᠶᠠᠪᠤᠳᠠᠯ ᠤᠨ ᠠᠵᠢᠯ᠂ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠣᠨ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ | ᠬᠡᠷᠡᠭ ᠶᠠᠪᠤᠳᠠᠯ ᠤᠨ ᠳᠤᠮᠳᠠ ᠡᠭᠦᠷᠭᠡ ᠴᠢᠳᠠᠪᠬᠢ ᠪᠠᠨ ᠪᠠᠳᠠᠷᠠᠭᠤᠯᠣᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ | ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ ᠨᠠᠰᠤᠲᠠᠶᠢᠴᠤᠳ ᠤᠨ ᠠᠵᠢᠯ᠂ ᠨᠠᠰᠤᠵᠢᠯ ᠤᠨ ᠦᠢᠯᠡᠴᠢᠯᠡᠭᠡ᠂ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠦᠢᠯᠡᠰ᠂ ᠣᠷᠣᠨ ᠨᠣᠳᠤᠭ ᠤᠨ ᠬᠤᠪᠢᠶᠠᠷᠢᠯᠠᠯ | ᠭᠠᠵᠠᠷ ᠣᠰᠣᠨ ᠤ ᠨᠡᠷ᠎ᠡ᠂ ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠯ | ᠦᠵᠡᠭᠦᠯᠵᠦ ᠰᠠᠶᠢᠰᠢᠶᠠᠨ ᠬᠥᠬᠢᠭᠦᠯᠬᠦ᠂ ᠡᠷᠬᠡ ᠠᠰᠢᠭ ᠢ ᠬᠠᠮᠠᠭᠠᠯᠠᠬᠤ᠂ ᠦᠢᠯᠡᠴᠢᠯᠡᠭᠡ ᠬᠠᠮᠢᠶᠠᠷᠤᠯᠲᠠ ᠵᠡᠷᠭᠡ ᠠᠵᠢᠯ | ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ︵ᠬᠤᠶᠠᠷ︶ ᠪᠦᠬᠦ ᠬᠤᠲᠠ ᠶᠢᠨ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠢᠨᠠᠨ ᠬᠠᠮᠢᠶᠠᠷᠤᠨ᠎ᠠ᠃ | ︵ᠭᠤᠷᠪᠠ︶ ᠪᠦᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠬᠠᠤᠯᠢ ᠶᠣᠰᠣᠭᠠᠷ ᠬᠡᠷᠡᠭᠵᠢᠭᠦᠯᠵᠦ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ | ᠬᠤᠲᠠ ᠶᠢᠨ ᠲᠣᠰ ᠱᠠᠲᠤᠨ ᠤ ᠰᠢᠭᠤᠳ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠲᠦᠷᠪᠡ︶ ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ | ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ | ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠤᠨ ᠬᠤᠪᠢᠷᠠᠭᠤᠯᠤᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠠᠵᠠᠷ ᠣᠷᠣᠨ ᠤ ᠨᠡᠷᠡᠶᠢᠳᠦᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠤᠨ ᠵᠠᠩ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | | ︵ᠳᠤᠯᠤᠭ᠎ᠠ︶ ᠬᠤᠲᠠ ᠶᠢᠨ ᠨᠠᠰᠤᠵᠢᠯ ᠤᠨ ᠠᠵᠢᠯ ᠤᠨ ᠵᠥᠪᠯᠡᠯ ᠤᠨ ᠪᠣᠳᠠᠲᠠᠶ ᠠᠵᠢᠯ ᠢ ᠡᠭᠦᠷᠭᠡᠯᠡᠨ᠎ᠡ᠃ | ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠨᠠᠰᠤᠲᠠᠶᠢᠴᠤᠳ ᠤᠨ | ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠨᠠᠰᠤᠲᠠᠶᠢᠴᠤᠳ ᠤᠨ ᠨᠡᠶᠢᠭᠡᠮ ᠤᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠨᠠᠢᠮᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠵᠢᠷᠤᠮᠵᠢᠭᠰᠠᠨ | ᠦᠢᠯᠡᠴᠢᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠶᠢᠰᠦ︶ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ | ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠱᠠᠯᠠᠪᠳᠡᠭᠤᠯᠣᠨ ᠵᠢᠯᠣᠭᠤᠳᠴᠤ᠂ ᠬᠢᠨᠠᠨ ᠬᠠᠮᠢᠶᠠᠷᠴᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ | ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ | ᠡᠭᠦᠷᠭᠡᠯᠡᠨ᠎ᠡ᠃ | ︵ᠠᠷᠪᠠ︶ ᠪᠥᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ | ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠠᠷᠪᠠᠨ ᠨᠢᠭᠡ︶ ᠪᠦᠬᠦ ᠬᠤᠲᠠ ᠶᠢᠨ ᠬᠡᠤᠬᠡᠳ ᠤᠨ ᠠᠰᠠᠷᠠᠮᠵᠢ᠂ ᠥᠨᠥᠴᠢᠨ ᠬᠠᠶᠠᠭᠳᠠᠭᠰᠠᠨ ᠬᠡᠤᠬᠡᠳ ᠤᠨ | ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ | ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠢ | ᠬᠠᠯᠠᠮᠵᠢᠯᠠᠨ ᠬᠠᠶᠢᠷᠠᠯᠠᠬᠤ ᠣᠶᠢᠯᠡᠴᠢᠯᠡᠭᠡᠨ ᠤ ᠰᠢᠰᠲ᠋ᠧᠮ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ | ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃ | ︵ᠠᠷᠪᠠᠨ ᠬᠤᠶᠠᠷ︶ ᠪᠥᠬᠦ ᠬᠤᠲᠠ ᠶᠢᠨ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠠᠨᠳᠢᠪᠯᠠᠨ | ᠲᠤᠰᠠᠯᠠᠬᠤ ᠠᠵᠢᠯ ᠢ ᠵᠢᠯᠣᠭᠤᠳᠤᠨ᠎ᠠ᠃ | ︵ᠠᠷᠪᠠᠨ ᠭᠤᠷᠪᠠ︶ ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ | ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠵᠦ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠳᠦᠷᠢᠮ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ | ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠨᠠᠰᠣ ᠪᠠᠨ ᠦᠷᠡᠭᠳᠡᠬᠦᠯᠵᠣ ᠬᠤᠪᠢ ᠨᠡᠮᠡᠷᠢ | ᠦᠵᠡᠭᠦᠯᠬᠦ ᠣᠶᠤᠨ ᠰᠠᠨᠠᠭᠠᠨ ᠤ ᠬᠡᠪ ᠪᠣᠯᠪᠠᠰᠣᠷᠡᠯ ᠪᠠ ᠥᠷᠲᠡᠭ ᠶᠢᠨ ᠲᠠᠯ᠎ᠠ ᠪᠠᠷ ᠬᠦᠳᠣᠯᠣᠨ ᠵᠢᠯᠣᠭᠤᠳᠣᠨ᠎ᠠ᠃ | ︵ᠠᠷᠪᠠᠨ ᠳᠥᠷᠪᠡᠳᠦᠭᠡᠷ︶ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ | ᠴᠡᠷᠢᠭ ᠤᠨ ᠠᠯᠪᠡ ᠠᠴᠠ ᠠᠮᠠᠷᠡᠬᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ | ᠠᠮᠠᠷᠠᠭᠰᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠦᠪᠡᠰᠣᠪᠡᠨ ᠠᠵᠢᠯ | ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠴᠡᠷᠢᠭ ᠠᠴᠠ ᠬᠠᠯᠠᠭᠳᠠᠭᠰᠠᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠰᠢᠯᠵᠢᠭᠰᠡᠨ ᠬᠡᠷ | ᠪᠦᠯᠢ ᠶᠢᠨ ᠬᠢᠨ ᠤ ᠠᠵᠢᠯ ᠣᠯᠵᠤ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃ | ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ | ᠴᠡᠷᠢᠭ ᠤᠨ ᠠᠯᠪᠡ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠳᠣᠯᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠨ | ᠠᠵᠢᠯ ᠠᠴᠠ ᠪᠠᠨ ᠲᠠᠷᠬᠠᠯᠠᠬᠳᠡᠬᠰᠠᠳ᠂ ᠨᠥᠬᠦᠴᠡᠯ ᠳᠤ ᠨᠡᠶᠢᠴᠡᠭᠰᠡᠨ ᠪᠤᠰᠤᠳ ᠴᠡᠷᠢᠭ ᠤᠨ ᠠᠯᠪᠡ ᠠᠴᠠ | ᠬᠠᠯᠠᠬᠳᠡᠬᠰᠠᠳ ᠪᠠ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ | ᠲᠠᠷᠬᠠᠯᠠᠬᠳᠡᠬᠰᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠡ ᠠᠴᠠ | ᠪᠠᠭᠤᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠨᠡᠢᠮᠡ︶ ᠰᠢᠷᠬᠠᠲᠠᠢ ᠡᠪᠡᠳᠴᠢᠲᠠᠢ ᠵᠡᠮᠳᠡᠭ ᠴᠡᠷᠢᠭ ᠤᠨ ᠠᠯᠪᠡ ᠠᠴᠠ ᠬᠠᠯᠠᠬᠳᠡᠬᠰᠠᠳ ᠤᠨ | ᠦᠢᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠯᠪᠣᠭᠳᠠᠯ | ᠪᠦᠬᠦᠢ ᠴᠡᠷᠢᠭ ᠤᠨ ᠠᠯᠪᠡ ᠠᠴᠠ ᠬᠠᠯᠠᠬᠳᠡᠬᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ | ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠴᠡᠷᠢᠭ ᠤᠨ ᠠᠯᠪᠠ ᠭᠦᠢᠴᠡᠳᠬᠡᠬᠦ ᠳᠤ ᠲᠣᠬᠢᠷᠠᠬᠤ ᠦᠭᠡᠢ ᠰᠢᠷᠬᠠᠲᠤᠭᠰᠠᠨ | ᠡᠪᠡᠳᠴᠢᠨ ᠲᠠᠢ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠵᠢᠯᠣᠭᠤᠳᠤᠨ᠎ᠠ᠃ | ︵ᠠᠷᠪᠠ ᠶᠢᠰᠦ︶ ᠪᠦᠬᠦ ᠬᠤᠲᠠ ᠶᠢᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠯᠪᠠ ᠬᠠᠭᠠᠵᠤ ᠪᠠᠶᠢᠭ᠎ᠠ ᠴᠡᠷᠢᠭ᠂ ᠴᠡᠷᠢᠭ ᠠᠴᠠ ᠬᠠᠯᠠᠭᠳᠠᠭᠰᠠᠳ᠂ | ᠴᠡᠷᠢᠭ ᠠᠩᠭᠢ ᠶᠢᠨ ᠰᠣᠶᠣᠯ ᠤᠨ ᠠᠵᠢᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ | ᠠᠵᠢᠯ ᠢ ᠬᠠᠷᠢᠭᠤᠴᠠᠨ᠎ᠠ᠃ | ︵ᠬᠤᠷᠢ︶ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ | ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠬᠥᠮᠦᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ | ᠬᠠᠮᠠᠭᠠᠯᠠᠯᠲᠠ᠂ ᠳᠤᠷᠠᠰᠬᠠᠯ ᠤᠨ ᠠᠵᠢᠯ ᠵᠡᠷᠭᠡ ᠶᠢ ᠵᠣᠬᠢᠶᠠᠨ ᠪᠠᠶᠢᠭᠤᠯᠤᠨ ᠬᠦᠢᠴᠡᠳᠭᠡᠵᠣ᠂ ᠦᠷᠡᠭᠳᠡᠭᠰᠡᠨ | ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠨ᠂ ᠪᠦᠬᠦ ᠤᠯᠤᠰ᠂ ᠪᠦᠬᠦ | ᠣᠷᠣᠨ᠂ ᠪᠦᠬᠦ ᠠᠶᠢᠮᠠᠭ᠂ ᠪᠦᠬᠦ ᠬᠤᠳᠠ ᠶᠢᠨ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠢ ᠳᠤ ᠣᠷᠣᠭᠤᠯᠬᠤ ᠪᠠᠷ | ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠬᠢᠨᠠᠨ | ᠬᠠᠷᠭᠤᠭᠤᠯᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ | ᠠᠵᠢᠯᠯᠠᠭ᠎ᠠ ᠶᠢ ᠳ᠋ᠦᠩᠨᠡᠨ ᠬᠥᠬᠢᠭᠦᠯᠦᠨ ᠰᠠᠶᠢᠰᠢᠶᠠᠬᠤ ᠪᠠ ᠤᠬᠠᠭᠤᠯᠤᠨ᠎ᠠ᠃ | ︵ᠬᠤᠷᠢᠨ ᠨᠢᠭᠡ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ | ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ | ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢᠨ ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠬᠤᠷᠢᠨ ᠭᠤᠷᠪᠠᠨ︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | |