ᠳᠡᠭᠡᠷ᠎ᠡ ᠬᠠᠭᠠᠰ ᠵᠢᠯ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ | ᠤᠨ ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ | ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠪᠦᠲᠦᠴᠡ ᠶᠢᠨ ᠲᠤᠬᠢᠷᠠᠭᠤᠯᠤᠯᠳᠠ ᠶᠢᠨ ᠠᠯᠬᠤᠴᠠ ᠶᠢ ᠲᠦᠷᠭᠡᠳᠬᠡᠨ᠂ ᠡᠯ᠎ᠡ ᠵᠦᠢᠯ ᠤᠨ | ᠭᠦᠢᠴᠡᠳᠬᠡᠯ ᠲᠤᠭ᠎ᠠ ᠶᠢ ᠲᠣᠭᠲᠠᠭᠤᠨ ᠤ ᠳᠤᠮᠳᠠ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠢᠳᠡᠪᠬᠢᠲᠡᠢ | ᠰᠠᠶᠢᠵᠢᠷᠠᠭᠤᠯᠪᠠ᠃ | ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠶ ᠲᠣᠭᠠᠴᠠᠭ᠎ᠠ | ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠷᠠᠰᠢᠶᠠᠨ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 11.07 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠦᠭᠡᠢ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ ᠠᠵᠤ ᠦᠢᠯᠡᠰ ᠢᠶᠠᠷ | ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.42 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ 2.00 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0. | 9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.65 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠭᠤᠷᠪᠠᠨ ᠠᠵᠤ | ᠦᠢᠯᠡᠰ ᠤᠨ ᠪᠦᠲᠦᠴᠡ ᠨᠢ ᠨᠢᠳᠤᠨᠤᠨ ᠤ ᠠᠳᠠᠯᠢ ᠬᠤᠭᠤᠴᠠᠭᠠᠨ ᠤ 13.7᠄ 17.7᠄ 68.6 ᠪᠠᠶᠢᠭᠰᠠᠨ ᠠᠴᠠ | 12.8᠄ 18.1᠄ 69.1 ᠪᠣᠯᠭᠠᠨ ᠲᠣᠬᠢᠷᠠᠭᠤᠯᠵᠠᠢ᠃ |