2024 ᠤᠨ ᠤ ᠳᠡᠭᠡᠷ᠎ᠡ ᠬᠠᠭᠠᠰ ᠵᠢᠯ ᠳᠤ ᠷᠠᠰᠢᠶᠠᠨ ᠬᠤᠳᠠ ᠶᠢᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ ᠲᠣᠬᠠᠢ ᠵᠠᠳᠠᠯᠤᠯᠳᠠ ︵2︶
ᠨᠡᠶᠢᠲᠡᠯᠡᠭᠰᠡᠨ ᠴᠠᠭ᠄
2024/11/18
    ᠨᠢᠭᠡ᠂ ᠲᠠᠷᠢᠶᠠᠯᠠᠩ ᠤᠢ ᠰᠢᠭᠤᠢ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠤᠨ ᠪᠠᠶᠢᠳᠡᠯ    ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠶᠡᠷᠦᠩᠬᠡᠶ ᠥᠷᠲᠡᠭ 1.44 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠪᠠᠭᠤᠷᠠᠪᠠ᠃    ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠶᠢᠳᠠᠯ     ᠳᠡᠭᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 5893.7 ᠲᠦᠮᠡᠨ ᠲᠥᠭᠦᠷᠢᠭ ᠲᠤ ᠬᠥᠷᠪᠡ᠃ ᠠᠳᠠᠯᠢ ᠬᠤᠭᠤᠴᠠᠭᠠᠨ ᠤ ᠬᠢ ᠠᠴᠠ 133.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 158.8 ᠵᠠᠭᠤᠨ ᠤ ᠨᠢᠭᠡᠴᠢ ᠪᠠᠷ ᠳᠡᠭᠡᠭᠰᠢᠯᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠬᠤᠷᠳᠤᠴᠠ 127.1% ᠳᠤ ᠬᠦᠷᠴᠡᠶ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 99.2% ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5 ᠵᠠᠭᠤᠨ ᠤ ᠬᠤᠪᠢ ᠶᠢᠨ ᠴᠡᠭ ᠪᠠᠭᠤᠷᠠᠪᠠ᠃    ᠭᠤᠷᠪᠠ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠨ ᠪᠠᠶᠢᠳᠡᠯ    ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 68.7% ᠪᠠᠷ ᠪᠠᠭᠤᠷᠠᠪᠠ᠃    ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠬᠤ ᠶᠡᠷᠦᠩᠬᠡᠢ ᠲᠣᠭᠠᠨ ᠤ ᠪᠠᠶᠢᠳᠠᠯ    ᠳᠡᠭᠡᠷ᠎ᠡ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 25370.2 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃ ᠠᠵᠢᠯ ᠲᠥᠷᠥᠯ ᠬᠤᠪᠢᠶᠠᠨ ᠠᠪᠴᠤ ᠦᠵᠡᠪᠡᠯ᠂ ︽ᠪᠦᠭᠡᠮ ᠢᠶᠠᠷ ᠬᠤᠳᠠᠯᠳᠤᠬᠤ︾ ︽  ᠵᠢᠵᠢᠭᠯᠡᠨ ᠬᠤᠳᠠᠯᠳᠤᠬᠤ︾ ︽ᠣᠷᠣᠨ ᠰᠠᠭᠤᠴᠠ︾᠂ ︽ᠢᠳᠡᠭᠡᠨ ᠣᠮᠳᠡᠭᠠᠨ︾ ᠳᠤ ︽ᠬᠤᠶᠠᠷ ᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠪᠠᠶᠢᠳᠠᠯ ᠢᠯᠡᠷᠡᠵᠡᠢ᠄ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 12882.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 30038.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠬᠤᠨᠤᠭ ᠪᠠᠭᠤᠳᠡᠯ ᠤᠨ ᠡᠵᠡᠩᠨᠡᠯᠲᠡ ᠶᠢᠨ ᠬᠡᠮᠵᠢᠶ᠎ᠡ 1096.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠪᠠ︔ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ 13157.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃
 
ᠢᠷᠡᠯᠲᠡ᠄ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号