2024 ᠤᠨ ᠤ ᠳᠡᠭᠡᠷ᠎ᠡ ᠬᠠᠭᠠᠰ ᠵᠢᠯ ᠳᠤ ᠷᠠᠰᠢᠶᠠᠨ ᠬᠤᠳᠠ ᠶᠢᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ ᠲᠣᠬᠠᠢ ᠵᠠᠳᠠᠯᠤᠯᠳᠠ ︵3︶
ᠨᠡᠶᠢᠲᠡᠯᠡᠭᠰᠡᠨ ᠴᠠᠭ᠄
2024/11/18
    ᠲᠠᠪᠤ᠂ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠪᠠᠶᠢᠳᠠᠯ    ᠳᠡᠭᠡᠷ᠎ᠡ ᠬᠠᠭᠠᠰ ᠵᠢᠯ ᠳᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14587 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19882 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8068 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.46 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.07 ᠪᠠᠭᠠᠰᠴᠠᠶ᠃    ᠶᠡᠷᠦᠩᠬᠡᠢ ᠳᠤ ᠨᠢ ᠠᠪᠴᠤ ᠦᠵᠡᠪᠡᠯ᠂ 2024 ᠣᠨ ᠤ ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠤ ᠳᠤᠮᠳᠠ ᠰᠠᠶᠢᠵᠢᠷᠠᠵᠤ᠂ ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠬᠤ ᠠᠰᠢᠭᠲᠠᠶ ᠬᠦᠴᠦᠨ ᠵᠦᠢᠯ ᠤᠨ ᠲᠠᠰᠤᠷᠠᠯᠲᠠ ᠥᠬᠡᠶ ᠬᠤᠷᠠᠮᠳᠤᠭᠤᠯᠵᠤ᠂ 2024 ᠣᠨ ᠤ ᠪᠥᠬᠦ ᠵᠢᠯ ᠤᠨ ᠡᠯ᠎ᠡ ᠵᠦᠢᠯ ᠤᠨ ᠠᠵᠤ ᠠᠬᠤᠶ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠬᠤᠶᠠᠷ ᠶᠡᠭᠡ ᠶᠠᠪᠤᠳᠠᠯ ᠪᠣᠯᠤᠨ ᠵᠢᠷᠭᠤᠭᠠᠨ ᠢᠨᠵᠧᠨᠧᠷᠢᠩ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠣᠭᠤᠷᠢᠨ ᠳᠤ᠂ ᠷᠠᠰᠢᠶᠠᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号