2024 ᠤᠨ ᠤ ᠨᠢᠭᠡᠳᠤᠭᠡᠷ ᠤᠯᠠᠷᠢᠯ ᠤᠨ ᠷᠠᠰᠢᠶᠠᠨ ᠬᠤᠳᠠ ᠶᠢᠨ ᠠᠵᠤ ᠠᠬᠤᠢ ᠶᠢᠨ ᠡᠷᠬᠢᠯᠳᠡ ᠶᠢᠨ ᠪᠠᠶᠢᠳᠡᠯ ᠤᠨ ᠲᠣᠬᠠᠢ ᠵᠠᠳᠠᠯᠤᠯᠳᠠ ︵1︶
ᠨᠡᠶᠢᠲᠡᠯᠡᠭᠰᠡᠨ ᠴᠠᠭ᠄
2024/11/18
    ᠡᠨᠡ ᠵᠢᠯ ᠠᠴᠠ ᠨᠠᠰᠢ᠂ ᠪᠦᠬᠦ ᠬᠤᠳᠠ ᠪᠠᠷ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢᠨ ᠲᠠᠯ᠎ᠠ ᠪᠠᠷ ᠪᠡ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠲᠠᠯ᠎ᠠ ᠪᠠᠷ ᠲᠣᠭᠲᠠᠭᠤᠨ ᠪᠠᠶᠢᠬᠤ ᠶᠢ ᠪᠠᠲᠤᠯᠠᠵᠤ᠂ ᠠᠵᠢᠯ ᠣᠯᠭᠤᠯᠲᠠ ᠶᠢᠨ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠪᠦᠬᠦ ᠬᠤᠳᠠ ᠶᠢᠨ ᠠᠵᠤ ᠠᠬᠤᠢ ᠲᠣᠭᠲᠠᠭᠤᠨ ᠢᠶᠠᠷ ᠡᠬᠢᠯᠡᠪᠡ᠃    ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 3.83 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠭᠤᠷᠪᠠᠨ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 0.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.4% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3.33 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ 10.8 ᠄ 2.2᠄ 87 ᠪᠣᠯᠣᠨ᠎ᠠ᠃
 
ᠢᠷᠡᠯᠲᠡ᠄ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号