ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠪᠠᠶᠢᠳᠠᠯ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠨᠢᠭᠡᠳᠦᠭᠡᠷ | ᠤᠯᠠᠷᠢᠯ ᠳᠤ᠂ ᠪᠦᠬᠦ ᠬᠤᠲᠠ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠳᠡᠭᠡᠳᠦ ᠬᠤᠷᠳᠤᠴᠠ ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ | ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 136%︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ ᠠᠳᠠᠯᠢ ᠬᠤᠭᠤᠴᠠᠭᠠᠨ ᠤ ᠬᠢ ᠠᠴᠠ 167.8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 100% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.6 ᠵᠠᠭᠤᠨ ᠤ ᠴᠡᠭ ᠪᠠᠭᠤᠷᠠᠪᠠ᠃ | ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠭᠡᠨᠲᠡᠢ ᠪᠠᠶᠢᠳᠡᠯ ᠢ ᠪᠠᠲᠤᠯᠠᠪᠡ᠃ ᠨᠢᠭᠡᠳᠦᠭᠡᠷ | ᠤᠯᠠᠷᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ | 14439.2 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃ | ᠠᠵᠢᠯ ᠲᠥᠷᠥᠯ ᠢᠶᠠᠷ ᠠᠪᠴᠤ ᠦᠵᠡᠪᠡᠯ᠄ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ | ᠬᠡᠮᠵᠢᠶ᠎ᠡ 1930.2 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ | ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 12494.6 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ︔ ᠬᠤᠨᠤᠭ ᠤᠨ | ᠡᠵᠡᠩᠨᠡᠯᠲᠡ ᠶᠢᠨ ᠬᠡᠮᠵᠢᠶ᠎ᠡ 314.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2. | 3% ᠪᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ 4963.9 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠪᠠᠭ᠎ᠠ ᠬᠡᠮᠵᠢᠶ᠎ᠡ ᠪᠠᠷ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 8184 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠪᠠᠷ | ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 10552 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 5258 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0% ᠪᠠᠷ | ᠨᠡᠮᠡᠭᠳᠡᠪᠡ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠵᠠᠭᠤᠨ ᠤ 1.6 ᠵᠠᠭᠤᠨ ᠤ ᠴᠡᠭ ᠠᠴᠠ ᠲᠦᠷᠭᠡᠨ ᠪᠣᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ 2.01 ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 0.03 ᠪᠠᠭᠠᠰᠪᠠ᠃ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 5316 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 12. | 3% ᠪᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠬᠡᠷᠡᠭᠯᠡᠭᠡᠨ ᠤ ᠵᠠᠷᠤᠯᠭ᠎ᠠ 6826 ᠲᠥᠭᠦᠷᠢᠭ ᠲᠤ ᠬᠦᠷᠴᠦ᠂ 9.1% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 4080 ᠲᠥᠭᠦᠷᠢᠭ ᠲᠤ | ᠬᠦᠷᠴᠦ᠂ 15.2% ᠢᠶᠠᠷ ᠨᠡᠮᠡᠭᠳᠡᠪᠡ᠃ | ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠬᠡᠯᠪᠡᠷᠢ ᠶᠢᠨ ᠡᠵᠡᠯᠡᠬᠦ ᠬᠠᠷᠢᠴᠠᠯ ᠨᠢ | ᠲᠡᠩᠴᠡᠭᠦᠷᠢ ᠦᠭᠡᠢ᠃ ᠰᠠᠭᠤᠷᠢ ᠲᠦᠬᠦᠭᠡᠷᠣᠮᠵᠢ ᠶᠢᠨ ᠲᠥᠷᠥᠯ ᠵᠦᠢᠯ ᠣᠯᠠᠨ ᠪᠠᠶᠢᠵᠤ᠂ ᠦᠢᠯᠡᠳᠪᠦᠷᠢᠯᠡᠯ ᠤᠨ | ᠴᠢᠨᠠᠷᠲᠠᠶ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠪᠠ ᠠᠵᠤ ᠦᠢᠯᠡᠰ ᠤᠨ ᠲᠥᠷᠥᠯ ᠵᠦᠢᠯ ᠤᠨ ᠡᠵᠡᠯᠡᠬᠦ | ᠬᠠᠷᠢᠴᠠᠯ ᠨᠢ ᠥᠨᠳᠥᠷ ᠪᠢᠰᠢ᠃ | ᠬᠡᠪᠴᠢᠶᠡᠵᠢᠯ ᠠᠴᠠ ᠳᠡᠭᠡᠭᠰᠢᠬᠢ ᠠᠵᠤ ᠣᠶᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠᠭ᠎ᠠ᠃ | ᠬᠡᠳᠦ᠋ᠢᠪᠡᠷ ᠷᠠᠰᠢᠶᠠᠨ ᠤ ᠢᠯᠢ ᠪᠠᠶᠢᠭᠠᠯᠢ ᠶᠢᠨ ᠷᠠᠰᠢᠶᠠᠨ ᠣᠰᠣᠨ ᠤ ᠤᠮᠳᠠᠭᠠᠨ ᠤ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠳᠤ ᠦᠷᠭᠦᠯᠵᠢᠯᠡᠨ ᠨᠡᠮᠡᠭᠳᠡᠬᠦ ᠪᠣᠯᠤᠯᠴᠠᠭ᠎ᠠ | ᠨᠡᠯᠢᠶᠡᠳ ᠶᠡᠭᠡ ᠪᠠᠶᠢᠭ᠎ᠠ ᠪᠣᠯᠪᠠᠴᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠤᠭ᠎ᠠ ᠲᠠᠩ ᠴᠤᠯᠭᠤᠢ᠂ | ᠲᠣᠭᠲᠠᠭᠠᠯ ᠳᠤ ᠬᠦᠷᠦᠭᠰᠡᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠤᠭᠰᠠᠨ ᠦᠭᠡᠢ᠂ ᠮᠠᠨ ᠤ ᠬᠤᠲᠠ ᠶᠢᠨ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠮᠥᠨ ᠬᠦ ᠵᠣᠬᠢᠬᠤ ᠬᠦᠴᠢᠷᠳᠡᠯ ᠣᠷᠣᠰᠢᠵᠣ ᠪᠠᠶᠢᠨ᠎ᠠ᠃ | ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡᠢ ᠤᠯᠠᠷᠢᠯ ᠪᠣᠯᠣᠭᠠᠳᠣᠢ᠂ ᠭᠦᠢᠴᠡᠳ ᠰᠤᠯᠠᠯᠠᠭᠳᠠᠭᠰᠠᠨ ᠦᠭᠡᠢ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠪᠴᠢᠶ᠎ᠡ ᠪᠠᠭ᠎ᠠ ᠪᠥᠭᠡᠳ ︽ᠬᠡᠷᠡᠭᠯᠡᠭᠡᠨ ᠤ ᠬᠠᠯᠠᠮᠰᠢᠯ︾ ᠨᠢ | ᠭᠤᠣᠯᠳᠠᠭᠤ ᠵᠤᠨ ᠨᠠᠮᠤᠷ ᠤᠨ ᠤᠯᠠᠷᠢᠯ ᠳᠤ ᠲᠥᠪᠯᠡᠷᠡᠵᠡᠢ᠃ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠵᠤᠬᠢᠬᠤ ᠬᠢᠵᠠᠭᠠᠷᠲᠤ ᠴᠢᠨᠠᠷ ᠲᠠᠢ᠃ | ᠬᠡᠳᠦ᠋ᠢᠪᠡᠷ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠨᠢ ᠬᠤᠲᠠ ᠪᠠᠯᠭᠠᠰᠤ ᠶᠢᠨ ᠠᠳᠠᠯᠢ ᠬᠤᠭᠤᠴᠠᠭᠠᠨ ᠤ ᠬᠢ ᠠᠴᠠ ᠥᠨᠳᠥᠷ ᠪᠣᠯᠪᠠᠴᠤ ᠬᠠᠷᠢᠴᠠᠯᠠᠰᠢᠭᠦᠶ | ᠬᠡᠮᠵᠢᠭᠳᠡᠯ ᠢᠶᠠᠷ ᠠᠪᠴᠤ ᠦᠵᠡᠪᠡᠯ᠂ ᠬᠤᠲᠠ ᠬᠥᠳᠡᠭᠡ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠵᠣᠬᠢᠬᠤ ᠵᠥᠷᠢᠶ᠎ᠡ ᠲᠠᠢ ᠪᠠᠶᠢᠨ᠎ᠠ᠃ |