ᠲᠢᠶᠠᠨ ᡂᠢ ᠪᠠᠯᠭᠠᠰᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
     ᠳᠡᠭᠡᠳᠦ ᠱᠠᠲᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠬᠠᠷᠢᠶ᠎ᠠ ᠣᠷᠣᠨ ᠤ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠯᠦᠩ ᠬᠤᠷᠠᠯ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠤᠨ ᠠᠵᠢᠯᠲᠠᠳ ᠬᠤᠷᠠᠯ ᠳᠤ ᠣᠷᠣᠯᠴᠠᠪᠠ᠃    ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠤ ᠪᠠᠶᠢᠳᠠᠯ ᠢ ᠲᠣᠳᠣᠷᠬᠠᠶ ᠲᠠᠨᠢᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ᠂ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠲᠣᠣᠷᠵᠢᠭᠤᠯᠣᠬᠴᠢ ᠡᠳᠦᠷ ᠢᠶᠠᠷ ᠰᠤᠷᠪᠤᠯᠵᠢᠯᠠᠬᠤ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠷᠤᠭ ᠬᠤᠷᠢᠮ ᠭᠡᠷ ᠪᠦᠯᠢ᠂ ᠠᠵᠢᠯᠴᠢᠨ ᠬᠥᠷᠥᠩᠭᠡᠲᠡᠨ ᠤ ᠵᠢᠭᠤᠷᠠᠯᠳᠤᠭᠠᠨ᠂ ᠴᠠᠯᠢᠩ ᠥᠷᠢᠲᠦᠬᠦ ᠵᠡᠷᠭᠡ ᠠᠮᠢ ᠨᠠᠰᠤᠨ ᠤ ᠬᠡᠷᠡᠭ ᠠᠮᠠᠷᠬᠠᠨ ᠭᠠᠷᠬᠤ ᠵᠢᠭᠤᠷᠠᠯᠳᠤᠭᠠᠨ ᠤ ᠠᠰᠠᠭᠤᠳᠠᠯ ᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠡᠷᠲᠡᠬᠡᠨ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠠᠷᠢᠶ᠎ᠠ ᠣᠷᠣᠨ ᠤ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠬᠳᠡᠬᠰᠠᠨ ᠵᠡᠷᠭᠡ ᠭᠤᠤᠯᠳᠠᠯᠭ᠎ᠠ ᠲᠠᠢ ᠬᠥᠮᠦᠰ ᠲᠤ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠶᠢ ᠪᠡᠶᠡᠯᠡᠭᠦᠯᠪᠡ ᠃ ᠲᠦᠷᠪᠡ ᠳᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠤᠯᠤᠰ ᠤᠨ ᠠᠮᠤᠷ ᠲᠦᠪᠰᠢᠨ ᠵᠡᠷᠭᠡ ᠠᠭᠤᠯᠭ᠎ᠠ ᠪᠠᠷ ᠭᠤᠣᠯ ᠰᠡᠳᠦᠪ ᠪᠣᠯᠭᠠᠭᠰᠠᠨ ᠤᠬᠠᠭᠤᠯᠤᠨ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠤᠯᠢ ᠶᠢ ᠰᠤᠷᠤᠯᠴᠠᠭᠤᠯᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠪᠡᠶᠡᠯᠡᠭᠦᠯᠵᠦ᠂ ᠭᠤᠮᠣᠳᠠᠯ ᠱᠠᠭᠠᠷᠳᠠᠯᠭ᠎ᠠ ᠪᠠᠨ ᠬᠠᠤᠯᠢ ᠶᠣᠰᠣᠭᠠᠷ ᠢᠯᠡᠳᠬᠡᠵᠦ᠂ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠵᠤ᠂ ᠬᠤᠪᠢ ᠬᠥᠮᠦᠨ ᠤ ᠬᠡᠲᠦᠷᠡᠮᠡᠬᠡᠢ ᠬᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠣ ᠵᠢᠭᠠᠵᠣ ᠭᠠᠷᠭᠠᠪᠡ᠃    ᠳᠠᠷᠠᠭᠠᠴᠢ ᠶᠢᠨ ᠠᠯᠬᠤᠮ ᠳᠤ᠂ ᠲᠢᠶᠠᠨ ᡂᠢ ᠪᠠᠯᠭᠠᠰᠤ ᠲᠤᠰ ᠤᠳᠠᠭ᠎ᠠ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠡᠬᠢ ᠡᠭᠦᠰᠦᠯ ᠠᠴᠠ ᠨᠢ ᠴᠢᠩᠭᠠᠳᠬᠠᠵᠤ᠂ ᠬᠠᠷᠢᠶ᠎ᠠ ᠣᠷᠣᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠪᠣᠳᠠᠲᠠᠢ ᠠᠳᠬᠤᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠪᠠᠷ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ᠂ ᠬᠠᠷᠢᠶ᠎ᠠ ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号