ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ ᠦᠯᠢᠭᠡᠷ ᠳᠠᠭᠤᠷᠢᠶᠠᠯ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ | ᠠᠯᠪᠠᠲᠠᠨ ᠤ ᠦᠨᠡᠨᠴᠢ ᠢᠲᠡᠭᠡᠮᠵᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠥᠬᠦ | ᠺᠠᠳ᠋ᠷ ᠠᠵᠢᠯᠲᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠳᠤ ᠣᠷᠣᠯᠴᠠᠪᠡ᠃ ᠲᠣᠰ ᠤᠳᠠᠭᠠᠨ ᠤ ᠬᠥᠮᠦᠵᠢᠯ ᠤᠨ ᠠᠵᠢᠯᠯᠠᠭ᠎ᠠ ᠳᠤ ᠨᠡᠶᠢᠲᠡ 12 ᠬᠥᠮᠦᠨ | ᠣᠷᠣᠯᠴᠠᠵᠤ᠂ ᠠᠵᠢᠯᠯᠠᠭ᠎ᠠ ᠨᠢ ︽ᠠᠯᠪᠠᠲᠠᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ᠵᠡᠷᠭᠡ ᠠᠭᠤᠯᠭ᠎ᠠ ᠶᠢᠨ | ᠲᠣᠭᠤᠷᠢᠨ ᠳᠤ ᠥᠷᠨᠢᠭᠦᠯᠵᠦ᠂ ᠰᠤᠷᠤᠯᠴᠠᠯᠭ᠎ᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠨ ᠺᠠᠳ᠋ᠷ ᠠᠵᠢᠯᠲᠠᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠠᠩ ᠲᠣᠳᠣᠷᠬᠠᠶ᠂ ᠭᠦᠨᠵᠡᠭᠡᠶ ᠲᠠᠨᠢᠯᠲᠠ ᠲᠠᠢ ᠪᠣᠯᠪᠠ᠃ | ᠠᠵᠢᠯᠯᠠᠭ᠎ᠠ ᠶᠢᠨ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠨ ᠺᠠᠳ᠋ᠷ ᠠᠵᠢᠯᠲᠠᠨ ᠬᠤᠶᠢᠰᠢᠳᠠ ᠶᠢᠨ ᠠᠵᠢᠯ ᠤᠨ | ᠰᠤᠷᠤᠯᠴᠠᠯᠭ᠎ᠠ ᠳᠡᠭᠡᠷ᠎ᠡ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠡᠳᠦᠷ ᠲᠤᠲᠤᠮ ᠤᠨ ᠦᠭᠡ ᠶᠠᠷᠢᠶ᠎ᠠ ᠦᠢᠯᠡ | ᠠᠵᠢᠯᠯᠠᠭ᠎ᠠ ᠪᠠ ᠠᠷᠠᠳ ᠲᠦᠮᠡᠨ ᠳᠤ ᠦᠢᠯᠡᠴᠢᠯᠡᠬᠦ ᠠᠵᠢᠯ ᠳᠤ ᠠᠭᠤᠰᠤᠯᠴᠠᠭᠤᠯᠬᠤ ᠪᠠᠷ ᠴᠢᠷᠮᠠᠶᠢᠨ᠎ᠠ ᠭᠡᠵᠦ | ᠢᠯᠡᠳᠬᠡᠵᠡᠭᠡᠪᠡ᠃ |