ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ ᠪᠣᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ | ᠦᠨᠳᠦᠰᠦᠲᠡᠨ ᠤ ᠪᠦᠯᠬᠦᠮᠳᠡᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠵᠣ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠣᠯᠤᠨ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠷᠠᠰᠢᠶᠠᠨ ᠬᠤᠲᠠ ᠶᠢᠨ | ᠮᠥᠰᠥ ᠴᠠᠰᠤᠨ ᠤ ᠤᠯᠠᠷᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ | 21 ᠤ ᠡᠳᠦᠷ᠂ ᠷᠡᠰᠢᠶᠠᠨ ᠬᠤᠳᠡ ᠶᠢᠨ ᠾᠧ ᠪᠢᠨ ᠨᠡᠶᠢᠭᠡᠮ ᠲᠣᠭᠤᠷᠢᠭ ︽ᠮᠥᠰᠥ ᠴᠠᠰᠤᠨ ᠤ ᠤᠯᠠᠷᠢᠯ ᠳᠤ | ᠬᠦᠴᠦᠨ ᠨᠡᠮᠡᠷᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠲᠣᠰ ᠤᠳᠠᠭᠠᠨ ᠤ | ᠠᠵᠢᠯᠯᠠᠭ᠎ᠠ ᠳᠤ ᠨᠡᠶᠢᠲᠡ 120 ᠭᠠᠷᠤᠶ ᠬᠥᠮᠦᠨ ᠣᠷᠣᠯᠴᠠᠵᠠᠶ᠃ | ᠲᠣᠰ ᠤᠳᠠᠭᠠᠨ ᠤ ︽ᠮᠥᠰᠥ ᠴᠠᠰᠤᠨ ᠤ ᠤᠯᠠᠷᠢᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠶᠠᠯᠠᠯ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠨᠢ | ᠣᠯᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ | ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠵᠢᠴᠢ ᠠᠮᠢᠳᠤᠷᠠᠯ ᠤᠨ ᠵᠢᠷᠭᠠᠯᠳᠣ | ᠵᠢᠭᠠᠯᠲᠠ ᠲᠤᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ ᠬᠤᠶᠢᠰᠢᠳᠠ ᠾᠧ ᠪᠢᠨ ᠨᠡᠶᠢᠭᠡᠮ ᠲᠣᠭᠤᠷᠢᠭ ᠤᠨ ᠬᠢᠨ | ᠦᠷᠭᠦᠯᠵᠢᠯᠡᠨ ︽ᠬᠥᠮᠦᠨ ᠢᠶᠠᠷ ᠦᠨᠳᠦᠰᠦ ᠪᠣᠯᠭᠠᠵᠤ᠂ ᠡᠷᠡᠭᠦᠯ ᠮᠡᠨᠳᠦ ᠶᠢ ᠳᠡᠭᠡᠳᠦᠯᠡᠬᠦ︾ ᠣᠶᠢᠯᠠᠭᠠᠭᠳᠠᠬᠤᠨ ᠢ | ᠪᠠᠷᠢᠮᠲᠠᠯᠠᠵᠤ᠂ ᠨᠡᠩ ᠤᠯᠠᠨ ᠪᠠᠶᠠᠯᠢᠭ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠶᠢ ᠡᠷᠬᠢᠯᠡᠵᠦ᠂ ᠡᠶ᠎ᠡ | ᠵᠣᠬᠢᠴᠠᠩᠭᠤᠢ ᠨᠡᠶᠢᠭᠡᠮ ᠢ ᠪᠠᠶᠢᠭᠤᠯᠬᠤ᠂ ᠪᠦᠬᠦ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠠ᠃ |