ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ | ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠦᠭᠵᠢᠶᠠᠨᠳᠡᠢ ᠦᠷᠨᠢᠬᠦᠯᠵᠤ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠢ ᠣᠯᠠᠨ ᠤ ᠠᠮᠢᠳᠤᠷᠠᠯ ᠤᠨ ᠳᠤᠮᠳᠠᠬᠢ ᠨᠢᠭᠡᠨ ᠥᠩᠭᠡ ᠪᠣᠯᠭᠠᠬᠤ ᠶᠢᠨ ᠲᠥᠯᠥᠭᠡ᠂ 11 ᠰᠠᠷ᠎ᠠ ᠶᠢᠨ | 21 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠵᠢᠷᠭᠤᠳᠤᠭᠠᠷ | ᠬᠤᠭᠤᠴᠠᠭᠠᠨ ᠤ ︽ᠡᠶ᠎ᠡ ᠵᠣᠬᠢᠴᠠᠯ ᠲᠠᠢ ᠬᠤᠨᠳᠠᠭᠠᠲᠤ︾ ᠫᠢᠩᠫᠠᠩ ᠪᠥᠮᠪᠦᠭᠡ ᠶᠢᠨ ᠨᠥᠬᠦᠷᠰᠡᠭ ᠤᠷᠤᠯᠳᠤᠭᠠᠨ ᠤ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠵᠢᠷᠤᠭᠯᠠᠪᠠ᠃ | ᠳᠠᠷᠠᠭᠠᠴᠢ ᠶᠢᠨ ᠠᠯᠬᠤᠮ ᠳᠤ᠂ ᠰᠧᠨᠸᠠᠩ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ | ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠭᠡᠷ ᠤᠨ ᠡᠭᠦᠳᠡᠨ ᠳᠠᠬᠢ ︽ᠰᠣᠶᠣᠯ ᠲᠠᠮᠢᠷ ᠤᠨ ᠦᠪᠡᠳᠡᠭᠰᠢ ᠨᠠᠶᠢᠷ︾ | ᠢ ᠨᠠᠷᠢᠨ ᠨᠢᠮᠪᠠᠢ ᠪᠠᠶᠢᠭᠤᠯᠤᠨ᠎ᠠ᠃ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠰᠢᠨ᠎ᠡ ᠰᠡᠪᠡᠭᠦᠨ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠲᠠᠰᠤᠷᠠᠯᠲᠠ ᠦᠭᠡᠢ ᠭᠠᠷᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ | ᠥᠪᠡᠷ ᠢ ᠪᠠᠨ ᠨᠡᠩ ᠤᠯᠠᠨ ᠳᠡᠯᠭᠡᠨ ᠦᠵᠡᠭᠦᠯᠬᠦ᠂ ᠰᠣᠯᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠢ ᠪᠠᠶᠢᠭᠤᠯᠵᠤ᠂ | ᠰᠠᠭᠤᠭᠠᠯᠢ ᠠᠷᠠᠳ ᠨᠢᠭᠡᠪᠦᠷᠢ ᠶᠢ ᠰᠣᠶᠣᠯ ᠤᠨ ᠲᠠᠯᠠᠢ ᠲᠠᠩᠭᠢᠰ ᠲᠤ ᠲᠣᠭᠤᠷᠢᠨ ᠵᠤᠭᠠᠴᠠᠭᠤᠯᠵᠤ᠂ ᠪᠡᠶ᠎ᠡ ᠶᠢᠨ | ᠲᠠᠮᠢᠷ ᠤᠨ ᠳᠡᠯᠡᠬᠡᠢ ᠶᠢᠷᠲᠢᠨᠴᠦ ᠳᠤ ᠬᠥᠭᠵᠢᠭᠡᠵᠦ᠂ ᠡᠷᠡᠭᠦᠯ ᠠᠮᠢᠳᠤᠷᠠᠯ ᠤᠨ ᠰᠠᠶᠢᠨ ᠰᠠᠶᠢᠬᠠᠨ ᠪᠠ ᠪᠠᠶᠠᠷ | ᠪᠠᠶᠠᠰᠤᠯ ᠢ ᠬᠠᠮᠲᠤᠪᠠᠷ ᠡᠳ᠋ᠯᠡᠭᠦᠯᠦᠨ᠎ᠡ᠃ |