ᠰᠢ ᠶᠢᠨ ᠫᠢᠩ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/11/22
  
习近平 巴西总统1.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠶᠢᠨ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠦᠨ᠎ᠠ ᠭᠡᠵᠦ ᠨᠡᠶᠢᠲᠡᠯᠡᠪᠡ᠃    ᠵᠤᠨ ᠤ ᠡᠬᠢᠨ ᠤ ᠪᠷᠠᠽᠢᠯᠢᠶ᠎ᠠ ᠲᠡᠭᠷᠢ ᠨᠢ ᠴᠡᠯᠮᠡᠭ ᠠᠭᠠᠷ ᠨᠢ ᠲᠤᠩᠭᠠᠯᠠᠭ ᠪᠠᠶᠢᠯ᠎ᠠ᠃ ᠦᠷ ᠤᠨ ᠭᠡᠭᠡ ᠣᠷᠳᠣᠨ ᠳᠤ ᠡᠪᠡᠰᠦ ᠮᠣᠳᠣ ᠨᠣᠭᠤᠭᠠᠷᠠᠵᠤ᠂ 450 ᠰᠦᠷ ᠵᠢᠪᠬᠤᠯᠠᠩᠲᠤ ᠶᠣᠰᠣᠯᠠᠯ ᠤᠨ ᠴᠡᠷᠢᠭ ᠲᠡᠷᠢ ᠲᠡᠭᠰᠢ ᠵᠢᠭᠰᠠᠪᠠ᠃ 120 ᠨᠡᠷᠡᠰ ᠭᠠᠪᠰᠢᠭᠠᠢ ᠮᠣᠷᠢᠲᠤ ᠴᠡᠷᠢᠭ ᠤᠨ ᠬᠠᠮᠠᠭᠠᠯᠠᠯ ᠳᠣᠣᠷ᠎ᠠ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠦᠷ ᠤᠨ ᠭᠡᠭᠡ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠭᠦᠷᠪᠡ᠃
习近平 巴西总统2.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ
习近平 巴西总统3.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ    ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃    ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠶᠣᠰᠣᠯᠠᠯ ᠤᠨ ᠠᠩᠭᠢ ᠶᠢᠨ ᠵᠢᠭᠰᠠᠭᠠᠯ ᠢ ᠦᠵᠡᠪᠡ᠃ ᠳᠤᠮᠳᠠᠳᠤ ᠪᠷᠠᠽᠢᠯ ᠤᠨ ᠬᠡᠦᠬᠡᠳ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠨ ᠰᠢ ᠶᠢᠨ ᠫᠢᠩ ᠢ ᠬᠠᠯᠠᠭᠤᠨ ᠢᠶᠠᠷ ᠤᠭᠲᠤᠪᠠ᠃ ᠪᠷᠠᠽᠢᠯ ᠤᠨ ᠤᠷᠠᠯᠢᠭᠴᠢᠨ ᠬᠢᠲᠠᠳ ᠭᠡᠯᠡ ᠪᠠᠷ ︽ᠮᠢᠨᠤ ᠡᠬᠡ ᠤᠯᠤᠰ︾ ᠭᠡᠬᠦ ᠳᠠᠭᠤᠤ ᠶᠢ ᠳᠠᠭᠤᠯᠠᠪᠠ᠃    ᠬᠤᠶᠠᠷ ᠤᠯᠤᠰ ᠤᠨ ᠲᠡᠷᠢᠭᠦᠨ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠪᠡ᠃   
习近平 巴西总统4.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ   
习近平 巴西总统5.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠤᠭᠲᠤᠬᠤ ᠶᠣᠰᠣᠯᠠᠯ ᠤᠨ ᠳᠠᠷᠠᠭ᠎ᠠ ᠬᠤᠶᠠᠷ ᠤᠯᠤᠰ ᠤᠨ ᠲᠡᠷᠢᠭᠦᠨ ᠬᠡᠯᠡᠯᠴᠡᠭᠡ ᠬᠢᠪᠡ᠃    ᠰᠢ ᠶᠢᠨ ᠫᠢᠩ᠂ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠬᠦᠷᠴᠦ ᠢᠷᠡᠭᠰᠡᠨ ᠡᠨᠡ ᠬᠦ ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠵᠢᠯ ᠳᠤ ᠪᠷᠠᠽᠢᠯ ᠳᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠰᠠᠶ᠋ᠢᠬᠠᠨ ᠶᠡᠷᠦᠩᠬᠡᠶᠢᠯᠡᠭᠴᠢ ᠯᠦᠯᠠ ᠨᠠᠳᠠ ᠳᠤ ᠬᠠᠮᠤᠭ ᠤᠨ ᠳᠡᠭᠡᠳᠦ ᠬᠦᠨᠳᠦᠳᠬᠡᠯ ᠪᠦᠬᠦᠢ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠭᠦᠢᠴᠡᠳ ᠢᠯᠡᠷᠡᠭᠦᠯᠵᠦ᠂ ᠨᠠᠮᠠᠶᠢ ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠪᠣᠯᠣᠨ ᠪᠷᠠᠽᠢᠯ ᠪᠣᠯ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠲᠣᠮᠣ ᠬᠥᠭᠵᠢᠵᠦ ᠪᠠᠶᠢᠭ᠎ᠠ ᠤᠯᠤᠰ ᠮᠥᠨ᠃ ᠥᠩᠭᠡᠷᠡᠭᠰᠡᠨ 50 ᠵᠢᠯ ᠢ ᠡᠷᠭᠢᠴᠡᠭᠦᠯᠬᠦᠶ᠎ᠡ᠂ ᠳᠤᠮᠳᠠᠳᠤ ᠪᠷᠠᠽᠢᠯ ᠤᠨ ᠬᠠᠷᠢᠯᠴᠠᠭ᠎ᠠ ᠠᠭᠤᠯᠠ ᠤᠰᠤ ᠶᠢ ᠳᠠᠪᠠᠵᠤ᠂ ᠬᠥᠭᠵᠢᠵᠦ ᠪᠠᠶᠢᠭ᠎ᠠ ᠲᠣᠮᠣ ᠤᠯᠤᠰ ᠤᠨ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠨᠥᠭᠦᠷᠰᠡᠭ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠷᠢᠯᠴᠠᠬᠤ ᠵᠥᠪ ᠵᠠᠮ ᠢ ᠰᠦᠪᠡᠭᠴᠢᠯᠡᠨ ᠨᠡᠭᠡᠭᠡᠪᠡ᠃ ᠪᠷᠠᠽᠢᠯ ᠪᠣᠯ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠩᠬᠠᠳᠠᠭᠴᠢ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠲᠢᠪ ᠤᠨ ᠠᠩᠬᠠᠳᠠᠭᠴᠢ ᠤᠯᠤᠰ ᠪᠣᠯᠣᠨ᠎ᠠ᠃ ᠣᠶᠢᠷ᠎ᠠ ᠶᠢᠨ ᠵᠢᠯ ᠠᠴᠠ ᠪᠢ ᠪᠣᠯᠣᠨ ᠶᠡᠷᠦᠩᠬᠡᠶᠢᠯᠡᠭᠴᠢ ᠯᠦᠯᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠬᠤᠶᠠᠷ ᠤᠯᠤᠰ ᠡᠳᠦᠷ ᠢᠷᠡᠬᠦᠶ᠎ᠡ ᠬᠤᠪᠢ ᠵᠠᠶᠠᠭ᠎ᠠ ᠪᠠᠨ ᠬᠠᠮᠲᠤᠳᠬᠠᠭᠰᠠᠨ ᠨᠠᠶᠢᠳᠠᠪᠤᠷᠢᠲᠠᠢ ᠨᠠᠶᠢᠵᠠ᠂ ᠡᠩᠬᠡ ᠲᠠᠶᠢᠪᠤᠩ ᠢ ᠬᠠᠮᠲᠤ ᠪᠠᠷ ᠠᠬᠢᠭᠤᠯᠬᠤ ᠢᠳᠡᠪᠬᠢ ᠬᠦᠴᠦᠨ ᠪᠣᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠦᠴᠦᠨ ᠪᠣᠯᠣᠨ ᠲᠠᠭᠤᠨ ᠢ ᠪᠤᠵᠠᠭᠠᠶᠢᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠡᠨᠡ ᠡᠳᠦᠷ ᠪᠢᠳᠡ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠶᠢᠨ ᠬᠠᠮᠲᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠪᠠ᠂ ᠡᠨᠡ ᠪᠣᠯ ᠳᠤᠮᠳᠠᠳᠤ ᠪᠷᠠᠽᠢᠯ ᠤᠨ ᠬᠠᠷᠢᠯᠴᠠᠭᠠᠨ ᠤ ᠬᠥᠭᠵᠢᠯᠲᠡ ᠶᠢᠨ ᠪᠠᠰᠠ ᠨᠢᠭᠡᠨ ᠲᠡᠦᠬᠡᠲᠦ ᠴᠢᠨᠠᠷᠲᠠᠢ ᠴᠠᠭ ᠮᠥᠴᠡ ᠪᠠᠶᠢᠵᠤ ᠬᠤᠶᠠᠷ ᠤᠯᠤᠰ ᠤᠨ ᠬᠠᠷᠢᠯᠴᠠᠭᠠᠨ ᠤ ᠪᠦᠭᠦ ᠪᠥᠮᠪᠥᠷᠴᠡᠭ ᠤᠨ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠠᠯᠤᠰ ᠭᠡᠳᠦ ᠶᠢᠨ ᠴᠢᠨᠠᠷ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠡᠶᠢᠳᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ᠂ ᠬᠤᠶᠠᠷ ᠲᠠᠯ᠎ᠠ ᠶᠢᠨ ᠲᠤᠰ ᠲᠤᠰ ᠤᠨ ᠣᠳᠣᠬᠢᠴᠢᠯᠠᠯᠲᠠ ᠪᠠᠨ ᠠᠬᠢᠭᠤᠯᠬᠤ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠬᠤ ᠶᠢᠨ ᠬᠠᠮᠲᠤ ᠳᠤᠮᠳᠠᠳᠤ ᠪᠷᠠᠽᠢᠯ ᠤᠨ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠡᠷᠴᠢ ᠵᠣᠷᠢᠭ ᠢ ᠢᠯᠡᠷᠡᠭᠦᠯᠪᠡ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ ᠬᠥᠮᠥᠨ ᠲᠥᠷᠥᠯᠬᠢᠲᠡᠨ ᠤ ᠢᠷᠡᠭᠡᠳᠦᠢ ᠪᠠᠷ ᠵᠣᠷᠢᠯᠲᠠ ᠪᠤᠯᠭᠠᠵᠤ᠂ ᠠᠷᠠᠳ ᠲᠦᠮᠡᠨ ᠤ ᠠᠵᠠ ᠵᠢᠷᠭᠠᠯ ᠢ ᠪᠣᠳᠣᠯᠬᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠪᠷᠠᠽᠢᠯ ᠤᠨ ᠬᠠᠷᠢᠯᠴᠠᠭᠠᠨ ᠤ ᠠᠭᠤᠯᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠬᠠᠷᠢᠯᠴᠠᠨ ᠠᠮᠵᠢᠯᠲᠠ ᠪᠦᠲᠦᠮᠵᠢ ᠭᠠᠷᠭᠠᠬᠤ ︽ᠬᠠᠮᠤᠭ ᠤᠨ ᠰᠠᠶᠢᠨ ᠬᠠᠨᠢᠲᠠᠨ︾ ᠪᠣᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠬᠤ ᠪᠠ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠡ ᠦᠭᠡᠢ ᠤᠷᠤᠭᠰᠢᠯᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃    ᠰᠢ ᠶᠢᠨ ᠫᠢᠩ ᠢᠷᠡᠭᠡᠳᠦᠢ ᠶᠢᠨ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠲᠤᠬᠠᠢ 4 ᠲᠠᠯ᠎ᠠ ᠶᠢᠨ ᠰᠠᠨᠠᠭᠤᠯᠭ᠎ᠠ ᠳᠤᠷᠠᠳᠪᠠ᠃    ᠨᠢᠭᠡ ᠳᠤ᠂ ᠬᠤᠪᠢ ᠵᠠᠶᠠᠭ᠎ᠠ ᠪᠠᠨ ᠬᠠᠮᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠪᠠᠬᠢᠵᠢᠭᠦᠯᠦᠶ᠎ᠡ᠃ ᠡᠷᠬᠡ ᠮᠡᠳᠡᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ ᠪᠦᠲᠦᠨ ᠵᠡᠷᠭᠡ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠪᠠᠲᠤ ᠬᠠᠷᠢᠯᠴᠠᠨ ᠳᠡᠮᠵᠢᠵᠦ᠂ ᠬᠠᠷᠢᠯᠴᠠᠨ ᠢᠲᠡᠭᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠬᠡᠪ ᠳᠠᠭᠤᠷᠢᠶᠠᠯ ᠪᠣᠯᠣᠨ᠎ᠠ᠃ ᠰᠣᠶᠣᠯ᠂ ᠰᠤᠷᠭᠠᠨ ᠬᠥᠮᠦᠵᠢᠯ᠂ ᠵᠠᠯᠠᠭᠤᠴᠤᠳ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃    ᠬᠤᠶᠠᠷ ᠲᠤ᠂ ᠬᠥᠭᠵᠢᠯᠲᠡ ᠶᠢ ᠬᠠᠮᠲᠤ ᠪᠠᠷ ᠡᠳ᠋ᠯᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢᠨ ᠲᠡᠦᠬᠡᠨ ᠠᠵᠠ ᠲᠣᠭᠢᠶᠠᠯ ᠢ ᠡᠵᠡᠮᠳᠡᠵᠦ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠨᠰᠠᠷ ᠤᠨ ᠠᠶᠠᠯᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠷᠠᠽᠢᠯ ᠤᠨ ︽ᠥᠯᠥᠰᠬᠦᠯᠡᠩ ᠭᠠᠴᠢᠭ ᠦᠭᠡᠢ ᠪᠤᠯᠬᠤ ᠶᠢ ᠪᠡᠶᠡᠯᠡᠭᠦᠯᠬᠦ︾ ᠲᠥᠯᠥᠪᠯᠡᠭᠡ ᠶᠢ ᠲᠡᠮᠵᠢᠵᠤ᠂ ᠳᠤᠷᠠᠲᠠᠶ᠎ᠠ ᠪᠷᠠᠽᠢᠯ ᠤᠨ ᠬᠢᠨ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠤᠨ᠎ᠠ᠃    ᠭᠤᠷᠪᠠ ᠳᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠰᠢᠳᠤᠷᠭᠤ ᠶᠣᠰᠣ ᠶᠢ ᠬᠠᠮᠠᠭᠠᠯᠠᠬᠤ ᠶᠢᠨ ᠲᠥᠯᠥᠭᠡ ᠳᠤᠮᠳᠠᠳᠤ ᠪᠷᠠᠽᠢᠯ ᠤᠨ ᠬᠦᠴᠦᠨ ᠢ ᠢᠯᠡᠷᠡᠭᠦᠯᠦᠶ᠎ᠡ᠃ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠢ ᠪᠦᠲᠦᠭᠡᠬᠦ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ ᠳᠤᠮᠳᠠᠳᠤ ᠤᠯᠤᠰ ᠪᠷᠠᠽᠢᠯ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠷᠠᠽᠢᠯ ᠤᠨ ᠬᠢᠨ ᠤ ᠣᠯᠠᠨ ᠤᠯᠤᠰ ᠤᠨ ᠲᠠᠪᠴᠠᠩ ᠳᠡᠭᠡᠷ᠎ᠡ ᠨᠠᠩ ᠶᠡᠭᠡ ᠦᠢᠯᠡᠳᠦᠯ ᠦᠵᠡᠭᠦᠯᠭᠦ ᠶᠢ ᠳᠡᠮᠵᠢᠵᠦ᠂ ᠳᠤᠷᠠᠲᠠᠶ᠎ᠠ ᠪᠷᠠᠽᠢᠯ ᠤᠨ ᠬᠢᠨ ᠲᠠᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠠᠯᠲᠠᠨ ᠲᠣᠭᠤᠰᠭ᠋᠎ᠠ ᠤᠯᠤᠰ ᠤᠳ ᠵᠡᠷᠭᠡ ᠣᠯᠠᠨ ᠲᠠᠯᠠᠲᠤ ᠲᠣᠭᠲᠠᠴᠠ ᠳᠣᠲᠣᠷ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠷᠠᠽᠢᠯ ᠤᠨ ᠢᠷᠡᠬᠦ ᠵᠢᠯ ᠠᠯᠲᠠᠨ ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠪᠤᠯᠬᠤ ᠶᠢ ᠳᠡᠮᠵᠢᠵᠦ᠂ ︽ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ ᠲᠠᠯᠠᠲᠤ ᠦᠵᠡᠯ ᠢ ᠪᠠᠷᠢᠮᠲᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠲᠤᠬᠠᠢ ᠠᠯᠲᠠᠨ ᠲᠣᠭᠤᠰᠭ᠋᠎ᠠ ᠤᠯᠤᠰ ᠤᠳ ᠤᠨ ᠨᠠᠩ ᠬᠠᠩᠭᠢᠨᠠᠮ᠎ᠠ ᠲᠠᠭᠤᠨ ᠢ ᠴᠤᠤᠷᠢᠶᠠᠲᠤᠭᠤᠯᠤᠶ᠎ᠠ᠃    ᠳᠥᠷᠪᠡ ᠳᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠳᠤᠮᠳᠠᠳᠤ ᠪᠷᠠᠽᠢᠯ ᠤᠨ ᠬᠤᠪᠢ ᠨᠡᠮᠡᠷᠢ ᠶᠢ ᠦᠵᠡᠭᠦᠯᠦᠶ᠎ᠡ᠃ ᠳᠤᠮᠳᠠᠳᠤ ᠪᠷᠠᠽᠢᠯ ᠬᠥᠭᠵᠢᠵᠦ ᠪᠠᠶᠢᠭ᠎ᠠ ᠲᠣᠮᠣ ᠤᠯᠤᠰ ᠪᠣᠯᠤᠭᠰᠠᠨ ᠤ ᠬᠤᠪᠢ ᠳᠤ᠂ ᠲᠦᠷᠦᠭᠦᠯᠡᠨ ᠬᠠᠮᠲᠤ ᠪᠠᠷ ᠶᠠᠷᠢᠯᠴᠠᠨ ᠬᠠᠮᠲᠤ ᠪᠠᠷ ᠵᠥᠪᠳᠡᠯᠴᠡᠵᠦ᠂ ︽ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠶ᠎ᠠ ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠦᠷᠭᠦᠯᠵᠢᠯᠡᠬᠦ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠭᠤᠴᠢᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠭᠢᠯᠡᠭᠦ ᠶᠢ ᠳᠡᠮᠵᠢᠨ᠎ᠠ᠃    ᠰᠢ ᠶᠢᠨ ᠫᠢᠩ᠂ 10 ᠵᠢᠯ ᠤᠨ ᠡᠮᠦᠨ᠎ᠡ᠂ ᠪᠢ ᠪᠷᠠᠽᠢᠯᠢᠶ᠎ᠠ ᠳᠤ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠢ ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠤ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠭᠠᠵᠠᠷ ᠣᠷᠣᠨ ᠤ ᠬᠥᠭᠵᠢᠯᠲᠡ ᠶᠢᠨ ᠳᠠᠪᠠᠭᠤᠯᠢᠭ ᠪᠣᠯᠣᠨ ᠬᠡᠷᠡᠭᠴᠡᠭᠡ ᠲᠠᠢ ᠨᠡᠩ ᠰᠠᠶᠢᠲᠤᠷ ᠵᠣᠯᠭᠠᠭᠤᠯᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
习近平 巴西总统6.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠯᠦᠯᠠ᠂ ᠪᠷᠠᠽᠢᠯ ᠳᠤᠮᠳᠠᠳᠤ ᠪᠣᠯ ᠬᠠᠷᠢᠯᠴᠠᠨ ᠭᠦᠨᠳᠦᠳᠭᠡᠵᠦ᠂ ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ ᠮᠥᠨ᠂ ᠳᠤᠮᠳᠠᠳᠤ ᠤᠯᠤᠰ ᠪᠣᠯ ᠪᠷᠠᠽᠢᠯ ᠤᠨ ᠬᠠᠮᠤᠭ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠪᠷᠠᠽᠢᠯ ᠤᠨ ᠠᠷᠠᠳ ᠲᠦᠮᠡᠨ ᠤ ᠬᠠᠮᠤᠭ ᠤᠨ ᠢᠲᠡᠭᠡᠭᠦᠰᠢᠲᠡᠢ ᠨᠠᠶᠢᠵᠠ ᠮᠥᠨ᠃ ᠡᠨᠡ ᠵᠢᠯ ᠪᠣᠯ ᠪᠷᠠᠽᠢᠯ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠤᠨ ᠡᠨᠡ ᠬᠦ ᠴᠢᠬᠤᠯᠠ ᠵᠠᠩᠭᠢᠯᠠᠭ᠎ᠠ ᠶᠢᠨ ᠴᠠᠭ ᠲᠤ ᠪᠷᠠᠽᠢᠯ ᠳᠤ ᠳᠠᠬᠢᠨᠲᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠭᠲᠤᠵᠤ ᠪᠠᠶᠢᠨ᠎ᠠ᠃ ᠰᠠᠶ᠋ᠢᠬᠠᠨ ᠤᠭᠲᠤᠬᠤ ᠶᠣᠰᠣᠯᠠᠯ ᠳᠡᠭᠡᠷ᠎ᠡ᠂ ᠪᠢ ᠪᠷᠠᠽᠢᠯ ᠤᠨ ᠤᠷᠠᠯᠢᠭᠴᠢᠳ ᠢ ᠲᠤᠰᠬᠠᠶᠢᠯᠠᠨ ᠲᠣᠬᠢᠷᠠᠭᠤᠯᠵᠤ ︽ᠮᠢᠨᠤ ᠡᠬᠡ ᠤᠯᠤᠰ︾ ᠭᠡᠬᠦ ᠨᠡᠷᠡᠳᠦ ᠬᠢᠲᠠᠳ ᠬᠡᠯᠡᠨ ᠤ ᠳᠠᠭᠤᠤ ᠶᠢ ᠳᠠᠭᠤᠯᠠᠭᠤᠯᠵᠤ᠂ ᠡᠭᠦᠨ ᠢᠶᠠᠷ ᠳᠠᠮᠵᠢᠨ ᠪᠢ ᠨᠢᠳᠤᠨᠤᠨ ᠳᠤᠮᠳᠠᠳᠤ ᠤᠯᠤᠰ ᠲᠤ ᠠᠶᠢᠯᠴᠢᠯᠠᠯᠲᠠ ᠬᠢᠬᠦ ᠳᠤ ᠳᠤᠮᠳᠠᠳᠤ ᠤᠯᠤᠰ ᠤᠨ ᠬᠢᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠬᠤ ᠶᠢᠨ ᠬᠠᠮᠲᠤ ᠪᠷᠠᠽᠢᠯ ᠤᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠢᠯᠡᠳᠬᠡᠶ᠎ᠡ ᠭᠡᠰᠡᠨ ᠶᠤᠮ᠃ ᠥᠩᠭᠡᠷᠡᠭᠰᠡᠨ 50 ᠵᠢᠯ ᠳᠤ᠂ ᠪᠷᠠᠽᠢᠯ ᠳᠤᠮᠳᠠᠳᠤ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠪᠷᠠᠽᠢᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠪᠠᠷ ᠰᠢᠨ᠎ᠡ ᠭᠠᠷᠤᠭ᠎ᠠ ᠪᠤᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠨᠡᠩ ᠤᠯᠠᠨ ᠦᠨᠡᠨ ᠪᠣᠳᠠᠲᠠᠢ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠵᠤ᠂ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠠ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠦᠰᠡᠵᠦ ᠪᠠᠶᠢᠨ᠎ᠠ᠃ ᠪᠷᠠᠽᠢᠯ ᠶᠠᠭ ︽ᠨᠡᠮᠡᠭᠳᠡᠯ ᠢ ᠲᠦᠷᠭᠡᠳᠬᠡᠬᠦ ᠲᠥᠯᠥᠪᠯᠡᠭᠡ︾᠂ ︽ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ︾᠂ ︽ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠵᠠᠮ ᠱᠤᠭᠤᠮ ᠤᠨ ᠲᠥᠯᠥᠪᠯᠡᠭᠡ︾ ᠵᠡᠷᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠶᠡᠭᠡ ᠪᠠᠷ ᠠᠬᠢᠭᠤᠯᠵᠤ ᠪᠠᠶᠢᠨ᠎ᠠ᠂ ᠡᠳᠡᠭᠡᠷ ᠨᠢ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠬᠤ ᠨᠢ ᠪᠷᠠᠽᠢᠯ ᠤᠨ ᠲᠠᠭᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠱᠤᠭᠤᠬᠤ ᠪᠣᠯᠣᠨ᠎ᠠ᠃ ᠬᠤᠶᠠᠷ ᠲᠠᠯ᠎ᠠ ᠶᠢᠨ ᠠᠵᠢᠯᠯᠠᠬᠤ ᠳᠤᠭᠤᠶᠢᠯᠠᠩ ᠤᠨ ᠬᠢᠨ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠠᠵᠤ ᠦᠢᠯᠡᠰ ᠤᠨ ᠬᠡᠯᠬᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠱᠠᠯᠠᠪᠳᠠᠨ ᠶᠠᠷᠢᠯᠴᠠᠵᠤ ᠠᠬᠢᠭᠤᠯᠤᠶ᠎ᠠ᠃ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠪᠷᠠᠽᠢᠯ ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠃ ᠪᠷᠠᠽᠢᠯ ᠤᠨ ᠬᠢᠨ ᠳᠤᠮᠳᠠᠳᠤ ᠤᠯᠤᠰ ᠯᠤᠭ᠎ᠠ ᠬᠤᠯᠪᠣᠯᠳᠤᠨ ᠨᠡᠪᠲᠡᠷᠡᠯᠴᠡᠬᠦ ᠪᠠ ᠪᠠᠷᠠᠭᠠᠨ ᠤ ᠭᠦᠢᠯᠭᠡᠭᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠷᠠᠽᠢᠯ ᠳᠤᠮᠳᠠᠳᠤ ᠪᠣᠯᠣᠨ ᠯᠠᠲ᠋ᠢᠨ ᠠᠮᠧᠷᠢᠺᠠ ᠳᠤᠮᠳᠠᠳᠤ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠶᠢ ᠬᠦᠰᠡᠵᠦ ᠪᠠᠶᠢᠨ᠎ᠠ᠃ ᠪᠷᠠᠽᠢᠯ ᠤᠨ ᠬᠢᠨ ︽ᠰᠢᠨ᠎ᠡ ᠬᠦᠢᠲᠡᠨ ᠲᠠᠶᠢᠨ︾ ᠢ ᠡᠰᠡᠷᠭᠦᠴᠡᠵᠦ᠂ ᠳᠡᠯᠡᠬᠡᠢ ᠶᠢᠨ ᠤᠯᠠᠨ ᠲᠦᠢᠯᠵᠢᠯᠳᠠ ᠪᠣᠯᠣᠨ ᠡᠷᠬᠡ ᠲᠡᠭᠰᠢ ᠪᠠ ᠬᠠᠷᠢᠯᠴᠠᠨ ᠬᠦᠨᠳᠦᠳᠬᠡᠬᠦ ᠳᠤ ᠰᠠᠭᠤᠷᠢᠯᠠᠭᠰᠠᠨ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠠᠬᠢᠭᠤᠯᠬᠤ ᠶᠢ ᠰᠠᠨᠠᠭᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠦᠭᠡ ᠬᠡᠯᠡᠬᠦ ᠡᠷᠬᠡ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠦᠷᠭᠦᠯᠵᠢᠯᠡᠨ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠦᠺᠷᠠᠶᠢᠨ ᠤ ᠬᠢᠮᠤᠷᠠᠯ ᠵᠡᠷᠭᠡ ᠬᠠᠯᠠᠮᠰᠢᠯ ᠠᠰᠠᠭᠤᠳᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠨᠢ ᠨᠢᠭᠡᠨᠲᠡ ᠪᠷᠠᠽᠢᠯ ᠳᠤᠮᠳᠠᠳᠤ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠵᠡᠢ ᠭᠡᠵᠦ ᠢᠯᠡᠷᠬᠡᠶᠢᠯᠡᠪᠡ᠃    ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃    ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠵᠠᠰᠠᠭ ᠤᠨ ᠣᠷᠳᠣᠨ ᠤ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︿ᠨᠡᠮᠡᠭᠳᠡᠯ ᠢ ᠲᠦᠷᠭᠡᠳᠬᠡᠬᠦ ᠲᠥᠯᠥᠪᠯᠡᠭᠡ﹀᠂ ︿ᠪᠷᠠᠽᠢᠯ ᠤᠨ ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ﹀᠂ ︿ᠠᠮᠢ ᠠᠬᠤᠢ ᠶᠢᠨ ᠭᠡᠯᠪᠡᠷᠢ ᠶᠢ ᠬᠤᠪᠢᠷᠠᠭᠤᠯᠬᠤ ᠲᠥᠯᠥᠪᠯᠡᠭᠡ﹀᠂ ︿ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠵᠠᠮ ᠱᠤᠭᠤᠮ ᠤᠨ ᠲᠥᠯᠥᠪᠯᠡᠭᠡ﹀ ᠲᠠᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠦᠷᠭᠦᠯᠵᠢᠯᠡᠬᠦ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ 30 ᠭᠠᠷᠤᠢ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠪᠠ᠃    ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃    ︵ᠰᠢᠨᠬᠤᠸᠠ ᠬᠤᠷᠢᠶ᠎ᠠ ᠶᠢᠨ ᠪᠷᠠᠽᠢᠯᠢᠶ᠎ᠠ ᠶᠢᠨ 11 ᠰᠠᠷ᠎ᠠ ᠶᠢᠨ 20 ᠤ ᠴᠠᠭᠢᠯᠭᠠᠨ ᠮᠡᠳᠡᠭᠡ︶   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号