【 ᠦᠰᠦᠭ ᠪᠢᠴᠢᠭ ᠢᠶᠠᠷ ᠦᠬᠦᠯᠡᠬᠦᠢ】ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠣᠬᠠᠢ ᠰᠠᠨᠠᠭᠤᠯᠭ᠎ᠠ
ᠨᠡᠶᠢᠲᠡᠯᠡᠭᠰᠡᠨ ᠴᠠᠭ᠄
2024/11/25
    ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠪᠣᠯ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠭᠡᠷ ᠪᠦᠯᠢ ᠪᠠᠷ ᠨᠢᠭᠡᠴᠢ ᠪᠣᠯᠭᠠᠨ ᠴᠢᠬᠤᠯᠠ ᠪᠦᠬᠦᠢ ᠡᠳ᠋ ᠪᠣᠳᠠᠰ ᠤᠨ ᠨᠥᠭᠡᠴᠡᠯᠡᠯᠲᠡ ᠬᠢᠵᠦ᠂ ᠭᠡᠷ ᠪᠦᠯᠢ ᠶᠢᠨ ᠪᠦᠷᠢᠯᠳᠦᠬᠦᠨ ᠤ ᠭᠠᠶ ᠭᠠᠮᠰᠢᠭ᠂ ᠡ᠊ᠨᠳᠡᠯ ᠵᠡᠷᠭᠡ ᠭᠡᠨᠡᠳᠲᠡ ᠶᠢᠨ ᠬᠡᠷᠡᠭ ᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠣᠰ ᠪᠡᠶ᠎ᠡ ᠳᠤ ᠤᠴᠠᠷᠠᠭᠤᠯᠬᠤ ᠬᠤᠬᠢᠷᠠᠯ ᠪᠠ ᠨᠥᠯᠥᠭᠡ ᠶᠢ ᠪᠠᠭᠠᠰᠬᠠᠨ᠎ᠠ᠃    ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠬᠡᠷᠬᠢᠨ ᠤᠷᠢᠳᠴᠢᠯᠠᠨ ᠵᠦᠢ ᠵᠣᠬᠢᠰᠲᠠᠢ ᠨᠥᠭᠡᠴᠡᠯᠡᠬᠦ ᠪᠤᠢ︖ ᠪᠣᠳᠠᠲᠠᠢ ᠪᠠᠷ ᠶᠠᠮᠠᠷ ᠡᠳ᠋ ᠪᠣᠳᠠᠰ ᠨᠥᠭᠡᠴᠡᠯᠡᠬᠦ ᠴᠢᠬᠤᠯᠠᠲᠠᠢ ᠪᠣᠢ︖ ᠲᠠ ᠨᠠᠷ ᠡᠨᠡ ᠬᠦ ︽ᠡᠷᠬᠡ ᠰᠦᠷᠲᠦ ᠨᠠᠷᠢᠨ ᠲᠠᠩᠰᠠ︾ ᠶᠢ ᠵᠠᠪᠠᠯ ᠰᠠᠶᠢᠲᠤᠷ ᠬᠠᠳᠡᠭᠠᠯᠠᠬᠤ ᠬᠡᠷᠡᠭᠲᠡᠶ︕    ᠭᠡᠷ ᠪᠦᠯᠢ ᠶᠢᠨ ᠲᠦᠷᠭᠡᠨ ᠠᠪᠤᠷᠠᠯᠲᠠ ᠶᠢᠨ ᠪᠠᠭᠯᠠᠭ᠎ᠠ ᠳᠤ ᠠᠩᠬᠠᠷᠬᠤ ᠵᠦᠢᠯᠡᠰ    1. ᠲᠦᠷᠭᠡᠨ ᠠᠪᠤᠷᠠᠯᠲᠠ ᠶᠢᠨ ᠪᠣᠭᠴᠣ ᠶᠢ ᠪᠠᠭ᠎ᠠ ᠮᠥᠷᠲᠡᠭᠡᠨ ᠬᠥᠩᠭᠡᠨ ᠪᠠᠶᠢᠯᠭᠠᠨ᠎ᠠ    ᠭᠡᠷ ᠪᠦᠯᠢ ᠶᠢᠨ ᠲᠦᠷᠭᠡᠨ ᠠᠪᠤᠷᠠᠯᠲᠠ ᠶᠢᠨ ᠪᠣᠭᠴᠣᠨ ᠳᠤ ᠪᠠᠭᠴᠠᠯᠠᠭᠰᠠᠨ ᠲᠦᠷᠭᠡᠨ ᠠᠪᠤᠷᠠᠬᠤ ᠡᠳ᠋ ᠪᠣᠳᠡᠰ ᠠᠷᠪᠢᠨ ᠮᠥᠷᠲᠡᠭᠡᠨ ᠠᠷᠰᠠᠷ ᠪᠣᠯᠪᠠᠴᠤ ᠠᠯᠢ ᠴᠢᠳᠠᠬᠤ ᠪᠠᠷ ᠪᠠᠭ᠋ ᠪᠦᠭᠡᠳ ᠬᠥᠩᠭᠡᠨ ᠪᠠᠶᠢᠯᠭᠠᠨ᠎ᠠ᠂ ᠢᠩᠭᠢᠪᠡᠯ ᠰᠠᠶ᠋ᠢ ᠰᠠᠨᠠᠭᠠᠨ ᠠᠴᠠ ᠭᠠᠳᠠᠭᠤᠷ ᠤᠴᠢᠷ ᠭᠠᠷᠪᠠᠯ ᠪᠠᠰᠠ ᠠᠮᠠᠷᠬᠠᠨ ᠪᠡᠶ᠎ᠡ ᠳᠡᠭᠡᠨ ᠠᠪᠴᠤ ᠶᠠᠪᠤᠬᠤ ᠶᠤᠮ᠃    ᠲᠦᠷᠭᠡᠨ ᠠᠪᠤᠷᠠᠬᠤ ᠡᠳ᠋ ᠪᠣᠳᠠᠰ ᠢ ᠰᠢᠯᠵᠢᠭᠦᠯᠦᠨ ᠲᠣᠬᠢᠷᠠᠭᠤᠯᠬᠤ ᠳᠠᠭᠠᠨ ᠪᠠᠰᠠ ᠲᠦᠷᠦᠯ ᠬᠤᠪᠢᠶᠠᠬᠤ ᠶᠢ ᠠᠩᠬᠠᠷᠴᠤ᠂ ᠬᠡᠷᠪᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠭᠠᠬᠤ ᠪᠠᠭᠠᠵᠢ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯᠡᠰ ᠵᠡᠷᠭᠡ ᠪᠠᠷ ᠬᠤᠪᠢᠶᠠᠵᠤ ᠪᠣᠯᠣᠨ᠎ᠠ᠃    2. ᠬᠡᠷᠡᠭᠴᠡᠭᠡ ᠪᠠᠨ ᠦᠨᠳᠣᠰᠣᠯᠡᠵᠣ ᠪᠡᠯᠡᠳᠬᠡᠯ ᠬᠢᠨ᠎ᠠ    ᠲᠦᠷᠭᠡᠨ ᠠᠪᠤᠷᠠᠯᠲᠠ ᠶᠢᠨ ᠪᠣᠭᠴᠣᠨ ᠳᠠᠬᠢ ᠣᠷᠳᠣ ᠬᠤᠭᠤᠴᠠᠭᠠᠨ ᠤ ᠬᠡᠷᠡᠭᠰᠡᠯ ᠤᠨ ᠨᠥᠭᠡᠴᠡᠯᠡᠬᠦ ᠬᠡᠮᠵᠢᠶ᠎ᠡ ᠶᠢ ᠭᠡᠷ ᠪᠦᠯᠢ ᠶᠢᠨ ᠪᠦᠷᠢᠯᠳᠦᠬᠦᠨ ᠤ ᠲᠤᠭ᠎ᠠ ᠶᠣᠰᠣᠭᠠᠷ ᠨᠢ ᠪᠡᠯᠡᠳᠬᠡᠪᠡᠯ ᠵᠣᠬᠢᠨ᠎ᠠ᠃ ᠵᠠᠷᠣᠴᠠᠭᠤᠯᠭ᠎ᠠ ᠶᠢᠨ ᠪᠤᠳᠠᠰ ᠢ ᠠᠳᠠᠭ ᠲᠠᠭᠠᠨ ᠬᠤᠶᠠᠷ ᠭᠠᠷᠠᠭ ᠬᠡᠷᠡᠭᠯᠡᠬᠦ ᠬᠡᠮᠵᠢᠶ᠎ᠡ ᠪᠠᠷ ᠪᠡᠯᠡᠳᠬᠡᠨ᠎ᠡ᠃   3. ᠬᠠᠭᠠᠰ ᠵᠢᠯ ᠳᠤ ᠨᠢᠭᠡ ᠣᠳᠠᠭ᠎ᠠ ᠪᠠᠶᠢᠴᠠᠭᠠᠨ᠎ᠠ    ᠲᠦᠷᠭᠡᠨ ᠠᠪᠤᠷᠠᠯᠲᠠ ᠶᠢᠨ ᠪᠣᠭᠴᠣ ᠴᠤ ︽ᠴᠢᠨᠠᠷ ᠢ ᠪᠠᠲᠤᠯᠠᠬᠤ ᠬᠤᠭᠤᠴᠠᠭ᠎ᠠ︾ ᠲᠠᠢ ᠪᠠᠶᠢᠵᠤ᠂ ᠲᠦᠷᠭᠡᠨ ᠠᠪᠤᠷᠠᠯᠲᠠ ᠶᠢᠨ ᠪᠣᠭᠴᠣ ᠶᠢᠨ ᠪᠠᠶᠢᠳᠠᠯ᠂ ᠬᠤᠭᠤᠴᠠᠭ᠎ᠠ ᠨᠢ ᠥᠩᠭᠡᠷᠡᠭᠰᠡᠨ᠂ ᠡᠪᠳᠡᠷᠡᠵᠦ ᠰᠦᠢᠳᠦᠭᠰᠡᠨ᠂ ᠴᠢᠨᠠᠷ ᠨᠢ ᠬᠤᠪᠢᠷᠠᠭᠰᠠᠨ ᠡᠳ᠋ ᠪᠣᠳᠠᠰ ᠢ ᠴᠠᠭ ᠲᠤᠬᠠᠶ ᠳᠤᠨᠢ ᠰᠣᠯᠢᠬᠤ ᠬᠡᠷᠡᠭᠲᠡᠶ᠃    4. ᠭᠠᠷ ᠤᠨ ᠠᠶ᠎ᠠ ᠪᠠᠷ ᠠᠪᠴᠤ ᠪᠣᠯᠬᠤ ᠭᠠᠵᠠᠷ ᠲᠤ ᠲᠠᠯᠪᠢᠨ᠎ᠠ    ᠲᠦᠷᠭᠡᠨ ᠠᠪᠤᠷᠠᠯᠲᠠ ᠶᠢᠨ ᠪᠣᠭᠴᠣ ᠶᠢ ᠭᠡᠷᠡᠯ ᠤᠨ ᠳᠣᠣᠷ᠎ᠠ ᠲᠠᠯᠪᠢᠵᠣ ᠪᠣᠯᠬᠤ ᠦᠭᠡᠢ ᠬᠡᠷ ᠤᠨ ᠬᠦᠮᠣᠰ ᠤᠨ ᠣᠯᠵᠣ ᠬᠠᠷᠡᠬᠳᠡᠬᠤ ᠭᠠᠵᠡᠷ ᠲᠤ ᠲᠠᠯᠪᠢᠨ᠎ᠠ᠃ ᠭᠡᠪᠡᠴᠦ ᠬᠡᠦᠬᠡᠳ ᠣᠶᠢᠷᠠᠲᠤᠵᠤ ᠳᠡᠶᠢᠯᠬᠦ ᠦᠭᠡᠢ ᠭᠠᠵᠠᠷ᠂ ᠵᠢᠱᠢᠶᠡᠯᠡᠪᠡᠯ ᠡᠬᠦᠳᠡᠨ ᠬᠤᠷᠭᠤ ᠵᠡᠷᠭᠡ ᠳᠤ ᠲᠠᠯᠪᠢᠨ᠎ᠠ᠃    5. ᠬᠤᠶᠠᠷ ᠬᠤᠪᠢ ᠲᠦᠷᠭᠡᠨ ᠠᠪᠤᠷᠠᠯᠲᠠ ᠶᠢᠨ ᠪᠣᠬᠴᠣ ᠪᠡᠯᠡᠳᠭᠡᠨ᠎ᠠ    ᠭᠡᠷ ᠪᠣᠯᠣᠨ ᠲᠡᠷᠭᠡᠨ ᠳᠣᠲᠣᠷ᠎ᠠ ᠲᠤᠰ ᠪᠦᠷᠢ ᠨᠢᠭᠡ ᠬᠤᠪᠢ ᠲᠦᠷᠭᠡᠨ ᠠᠪᠤᠷᠠᠯᠲᠠ ᠶᠢᠨ ᠪᠣᠬᠴᠣ ᠪᠡᠯᠡᠳᠬᠡᠵᠦ᠂ ᠠᠳᠠᠯᠢ ᠪᠤᠰᠤ ᠪᠠᠶᠢᠳᠡᠯ ᠢ  ᠠᠷᠭᠠᠴᠠᠭᠠᠬᠤ ᠳᠤ ᠬᠡᠷᠡᠭᠰᠡᠨ᠎ᠠ᠃  6. ᠬᠠᠤᠯᠢ ᠶᠣᠰᠣᠨ ᠤ ᠡᠳ᠋ ᠪᠠᠷᠠᠭ᠎ᠠ ᠶᠢ ᠰᠤᠩᠭᠤᠨ ᠬᠤᠳᠠᠯᠳᠤᠵᠤ ᠠᠪᠣᠨ᠎ᠠ    ᠬᠢᠷᠢ ᠬᠡᠮ ᠨᠢ ᠬᠠᠤᠯᠢ ᠶᠣᠰᠣᠨ ᠳᠤ ᠨᠡᠶᠢᠴᠡᠬᠦ᠂ ᠢᠲᠡᠭᠡᠯ ᠬᠦᠨᠳᠦ ᠨᠢ ᠰᠠᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠰᠣᠩᠭᠤᠨ ᠬᠤᠳᠠᠯᠳᠤᠨ ᠠᠪᠤᠨ᠎ᠠ᠃    ︽ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︾ ᠠᠴᠠ
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号