ᠷᠠᠰᠢᠶᠠᠨ ᠬᠤᠳᠠ ᠡᠮ ᠤᠨ ᠵᠦᠢᠯᠡᠰ ᠤᠨ ᠵᠠᠬ᠎ᠠ ᠳᠡᠯᠭᠡᠬᠦᠷ ᠢ ᠴᠡᠭᠴᠡᠯᠡᠵᠦ ᠠᠷᠠᠳ ᠤᠯᠠᠨ ᠤ ᠡᠷᠡᠭᠦᠯ ᠮᠡᠨᠳᠤ ᠶᠢ ᠪᠠᠳᠤᠯᠠᠪᠠ
ᠨᠡᠶᠢᠲᠡᠯᠡᠭᠰᠡᠨ ᠴᠠᠭ᠄
2024/11/26
      ᠡᠮᠴᠢᠯᠡᠭᠡᠨ ᠤ ᠬᠦᠷᠢᠶ᠎ᠠ ᠴᠠᠷᠠᠭ᠎ᠠ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠪᠠᠷ᠂ ᠣᠶᠢᠷ᠎ᠠ ᠳᠤ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠭᠢ ᠪᠤᠯᠤᠨ ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠲᠣᠪᠴᠢᠶ᠎ᠠ ᠬᠠᠮᠲᠤᠷᠠᠨ ᠬᠠᠮᠢᠶᠠᠷᠤᠯᠳᠠ ᠶᠢᠨ ᠤᠷᠤᠨ ᠤ ᠪᠠᠨ ᠡᠮ ᠤᠨ ᠳᠡᠯᠭᠡᠭᠦᠷ ᠢᠶᠠᠷ ᠪᠠᠶᠢᠴᠠᠭᠠᠯᠳᠠ ᠬᠢᠭᠰᠡᠨ ᠪᠠᠶᠢᠨ᠎ᠠ᠃      ᠠᠵᠢᠯᠲᠠᠳ ᠭᠤᠣᠯᠳᠠᠭᠤ ᠵᠣᠷ ᠤᠨ ᠪᠤᠰᠤ ᠡᠮ᠂ ᠵᠣᠷ ᠤᠨ ᠡᠮ᠂ ᠡᠷᠡᠭᠦᠯᠵᠢᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠳᠤ ᠪᠠᠶᠢᠴᠠᠭᠠᠯᠳᠠ ᠬᠢᠵᠦ᠂ ᠮᠠᠲ᠋ᠧᠷᠢᠶᠠᠯ ᠢ ᠪᠠᠶᠢᠴᠠᠭᠠᠬᠤ᠂ ᠲᠤᠬᠠᠶ ᠶᠢᠨ ᠲᠠᠯᠠᠪᠤᠷ ᠢ ᠦᠵᠡᠬᠦ ᠂ ᠦᠢᠯᠡᠳᠬᠦᠨ ᠢ ᠰᠤᠭᠤᠴᠢᠨ ᠪᠠᠶᠢᠴᠠᠭᠠᠬᠤ ᠠᠷᠭ᠎ᠠ ᠪᠠᠷ ᠡᠮ ᠤᠨ ᠵᠦᠢᠯᠡᠰ ᠤᠨ ᠢᠷᠡᠯᠲᠡ᠂ ᠦᠨᠡᠮᠯᠡᠯ᠂ ᠲᠠᠩᠰᠠ᠂ ᠪᠠᠷᠠᠭ᠎ᠠ᠂ ᠵᠣᠭᠤᠰ ᠤᠨ ᠳᠤᠭ᠎ᠠ ᠬᠠᠷᠢᠯᠴᠠᠨ ᠨᠡᠶᠢᠴᠡᠬᠦ ᠡᠰᠡᠬᠦ ᠶᠢ ᠬᠠᠷᠭᠤᠭᠤᠯᠤᠨ ᠪᠠᠶᠢᠴᠠᠭᠠᠵᠤ᠂ ᠦᠢᠯᠡᠳᠬᠦᠨ ᠤ ᠲᠠᠸᠠᠷ ᠤᠨ ᠲᠡᠮᠳᠡᠭ᠂ ᠲᠤᠰᠬᠠᠶ ᠠᠰᠢᠭ ᠤᠨ ᠲᠡᠮᠳᠡᠭ ᠲᠤ ᠲᠣᠳᠣᠷᠬᠠᠶᠢᠯᠠᠯᠲᠠ ᠬᠠᠳᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠳᠤ ᠲᠤᠰᠬᠠᠶ ᠠᠰᠢᠭ᠂ ᠲᠠᠸᠠᠷ ᠤᠨ ᠲᠡᠮᠳᠡᠭ ᠲᠤ ᠲᠣᠳᠣᠷᠬᠠᠶᠢᠯᠠᠯᠲᠠ ᠬᠠᠳᠠᠬᠤ ᠲᠤᠬᠠᠢ ᠲᠠᠶᠢᠯᠤᠮᠵᠢ ᠬᠢᠵᠠᠢ᠃ ᠲᠣᠰ ᠤᠳᠠᠭ᠎ᠠ ᠨᠡᠶᠢᠳᠠ ᠡᠮ ᠤᠨ ᠲᠡᠯᠭᠡᠬᠦᠷ ᠢ 4 ᠪᠠᠶᠢᠴᠠᠭᠠᠪᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号