ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠨᠠᠮ ᠤᠨ ᠡᠭᠦᠷ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠲᠣᠬᠠᠢ ᠲᠣᠪᠴᠢ ᠲᠠᠮᠳᠡᠭᠯᠡᠯ
ᠨᠡᠶᠢᠲᠡᠯᠡᠭᠰᠡᠨ ᠴᠠᠭ᠄
2024/11/28
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠨᠤᠯ ᠢ ᠦᠨᠳᠦᠰᠦᠨ ᠱᠠᠲᠤᠨ ᠳᠤ ᠨᠡᠩ ᠰᠠᠶᠢᠨ ᠭᠦᠨᠵᠡᠭᠡᠢᠷᠡᠭᠦᠯᠵᠦ᠂ ᠪᠣᠳᠠᠲᠠᠢ ᠳᠤ ᠨᠠᠢᠳᠠᠪᠤᠷᠢᠵᠢᠭᠤᠯᠣᠨ᠂ ᠭᠤᠣᠯ ᠰᠡᠳᠦᠪᠲᠦ ᠨᠠᠮ ᠤᠨ ᠡᠳᠦᠷ ᠤᠨ ︽ᠨᠢᠭᠡ ᠰᠠᠷ᠎ᠠ ᠲᠤ ᠨᠢᠭᠡ ᠰᠤᠷᠤᠯᠴᠠᠵᠤ ᠨᠢᠭᠡ ᠵᠥᠪᠯᠡᠬᠦ︾ ᠲᠦᠷᠢᠮ ᠢ ᠦᠨᠡᠨ ᠬᠦ ᠦᠢᠯᠡᠳᠦᠯᠭᠡᠵᠢᠭᠦᠯᠵᠦ᠂ 11 ᠰᠠᠷ᠎ᠠ ᠶᠢᠨ 26 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠨᠠᠮ ᠤᠨ ᠡᠭᠦᠷ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠣᠯᠳᠡ ᠶᠢ ᠪᠠᠲᠤᠳᠬᠠᠵᠤ ᠠᠷᠠᠳ ᠲᠦᠮᠡᠨ ᠳᠤ ᠦᠢᠯᠡᠴᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠡ᠃ ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠰᠦᠨ ᠰᠢᠶᠣᠤ ᠶᠠ ᠣᠳᠣᠬᠠᠨ ᠤ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠰᠢᠨ᠎ᠡ ᠬᠡᠪ ᠪᠠᠶᠢᠳᠠᠯ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠪᠠ ᠴᠢᠬᠡᠴᠢ ᠵᠠᠰᠠᠭ  ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠬᠡᠷᠬᠢᠨ ᠴᠢᠩᠭᠠᠳᠬᠠᠬᠤ᠂ ᠲᠥᠪ ᠤᠨ ᠨᠠᠢᠮᠠᠨ ᠲᠣᠭᠲᠠᠭᠠᠯ ᠵᠢᠴᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠲᠠᠶᠢᠯᠤᠮᠵᠢ ᠬᠢᠪᠡ᠃ ᠡᠭᠦᠨ ᠤ ᠬᠠᠮᠲᠤ᠂ ᠨᠠᠮ ᠤᠨ ᠭᠡᠰᠢᠭᠦᠨ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠰᠡᠳᠬᠢᠯ ᠳᠡᠭᠡᠨ ᠵᠢᠷᠦᠬᠡᠰᠢᠶᠡᠯ ᠲᠠᠢ᠂ ᠦᠭᠡ ᠬᠡᠯᠡᠬᠦ ᠳᠡᠭᠡᠨ ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ ᠰᠤᠳᠤᠯᠤᠨ ᠶᠠᠷᠢᠯᠴᠠᠵᠤ ᠲᠣᠷᠰᠢᠯᠭ᠎ᠠ ᠪᠠᠨ ᠰᠣᠯᠢᠯᠴᠠᠪᠡ᠃ ᠰᠤᠷᠤᠯᠴᠠᠯᠭ᠎ᠠ ᠪᠠᠷ ᠲᠠᠮᠵᠢᠨ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠰᠠᠨ ᠪᠥᠭᠡᠳ ᠪᠣᠳᠠᠲᠠᠢ ᠠᠵᠢᠯ ᠤᠨ ᠳᠤᠮᠳᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠤᠯᠠᠨ ᠢᠶᠠᠷ ᠢᠶᠠᠨ᠂ ᠥᠪᠡᠷ ᠢ ᠪᠠᠨ ᠬᠢᠵᠠᠭᠠᠷᠯᠠᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ ᠃ ᠪᠡᠶ᠎ᠡ ᠪᠠᠨ ᠪᠠᠷᠢᠬᠤ ᠶᠢ ᠴᠢᠩᠭᠠᠳᠬᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠲᠥᠪ ᠰᠤᠷᠲᠠᠯ ᠢ ᠪᠠᠳᠠᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠨᠠᠮ ᠤᠨ ᠭᠡᠰᠢᠭᠦᠨ᠂ ᠰᠠᠶᠢᠨ ᠠᠵᠢᠯᠳᠠᠨ ᠪᠤᠯᠵᠤ᠂ ᠠᠷᠠᠳ ᠤᠨ ᠲᠥᠯᠥᠭᠡ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠨ᠎ᠠ ᠭᠡᠵᠦ ᠢᠯᠡᠳᠬᠡᠵᠡᠭᠡᠪᠡ᠃    ᠡᠭᠦᠷᠭᠡ ᠲᠤᠰᠢᠶᠠᠯ ᠤᠨ ᠲᠣᠭᠤᠷᠢᠨ ᠳᠤ ᠬᠡᠷᠡᠭ ᠵᠥᠪᠯᠡᠬᠦ ᠠᠵᠢᠯᠯᠠᠭ᠎ᠠ ᠥᠷᠨᠢᠭᠦᠯᠪᠡ᠃ ᠣᠳᠣᠬᠠᠨ ᠤ ᠦᠨᠳᠦᠰᠦᠨ ᠱᠠᠲᠤᠨ ᠤ ᠠᠵᠢᠯ ᠤᠨ ᠬᠡᠷᠡᠭᠴᠡᠭᠡ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠠᠷᠠᠳᠴᠢᠯᠠᠯ ᠢᠶᠠᠷ ᠬᠡᠷᠡᠭ ᠵᠥᠪᠯᠡᠬᠦ ᠠᠵᠢᠯᠯᠠᠭ᠎ᠠ ᠥᠷᠨᠢᠭᠦᠯᠪᠡ᠃ ᠬᠠᠷᠢᠶ᠎ᠠ ᠣᠷᠣᠨ ᠤ ᠣᠶᠢᠷ᠎ᠠ ᠶᠢᠨ ᠡᠳᠦᠷ ᠤᠨ ᠴᠠᠰᠤ ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠪᠠ᠃ ᠠᠷᠠᠳᠴᠢᠯᠠᠯ ᠢᠶᠠᠷ ᠶᠠᠷᠢᠯᠴᠠᠬᠤ ᠪᠠᠷ ᠳᠠᠮᠵᠢᠭᠤᠯᠤᠨ᠂ ᠴᠠᠰᠤ ᠣᠷᠣᠬᠤ ᠴᠠᠭ ᠠᠭᠤᠷ ᠤᠨ ᠮᠡᠳᠡᠭᠡ ᠵᠠᠩᠭᠢ ᠵᠢᠴᠢ ᠠᠮᠤᠷ ᠲᠦᠪᠰᠢᠨ ᠤ ᠰᠠᠨᠠᠭᠤᠯᠤᠮᠵᠢ ᠶᠢ ᠰᠠᠭᠤᠭᠠᠯᠢ ᠠᠷᠠᠳ ᠤᠨ ᠪᠦᠯᠬᠦᠮ ᠬᠦᠷᠲᠡᠯ᠎ᠡ ᠥᠷᠭᠡᠳᠬᠡᠬᠦ ᠪᠠᠷ ᠲᠣᠭᠲᠠᠪᠠ︔ ᠣᠨᠴᠠᠭᠠᠶ ᠪᠠᠶᠢᠳᠠᠯ ᠳᠣᠤᠷ᠎ᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠳ ᠡᠭᠡᠯᠵᠢᠯᠡᠨ ᠵᠢᠵᠢᠭᠦᠷᠯᠡᠨ ᠰᠠᠬᠢᠵᠤ᠂ ᠪᠠᠶᠢᠳᠠᠯ ᠢ ᠣᠯᠵᠤ ᠮᠡᠳᠡᠪᠡᠯ ᠲᠦᠷᠭᠡᠨ ᠳᠠᠭᠠᠵᠤ᠂ ᠴᠠᠭ ᠲᠤᠬᠠᠶ ᠳᠤᠨᠢ ᠰᠢᠢᠳᠪᠦᠷᠢᠯᠡᠨ᠎ᠡ︔ ᠨᠡᠶᠢᠭᠡᠮ ᠲᠣᠭᠤᠷᠢᠭ ᠲᠣᠣᠷᠵᠢᠭᠤᠯᠣᠬᠴᠢ ᠶᠢ ᠲᠣᠬᠢᠷᠠᠭᠤᠯᠤᠨ ᠣᠨᠴᠠᠭᠠᠶ ᠴᠠᠭ ᠠᠭᠤᠷ ᠤᠨ ᠳᠣᠤᠷᠠᠬᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠠᠷᠢᠶ᠎ᠠ ᠣᠷᠣᠨ ᠤ ᠪᠠᠶᠢᠰᠢᠩ ᠬᠡᠷ ᠤᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠰᠠᠭᠤᠭᠠᠯᠢ ᠠᠷᠠᠳ ᠤᠨ ᠲᠣᠰ ᠤᠳᠠᠭᠠᠨ ᠤ ᠴᠠᠰᠤ ᠣᠷᠣᠬᠤ ᠠᠭᠤᠷ ᠠᠮᠢᠰᠬᠤᠯ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠨ᠎ᠠ᠃    ᠠᠷᠠᠳ ᠲᠦᠮᠡᠨ ᠳᠤ ᠦᠢᠯᠡᠴᠢᠯᠡᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠪᠡ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠨᠡᠶᠢᠭᠡᠮ ᠲᠣᠭᠤᠷᠢᠭ ︽ᠭᠤᠣᠨᠢ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠡᠷᠦᠬᠡ ᠪᠠᠷ ᠣᠷᠣᠵᠤ ᠴᠡᠪᠡᠷᠯᠡᠭᠡ ᠬᠢᠬᠦ︾ ᠠᠵᠢᠯᠯᠠᠭ᠎ᠠ ᠥᠷᠨᠢᠭᠦᠯᠪᠡ᠃ ᠨᠡᠶᠢᠭᠡᠮ ᠲᠣᠭᠤᠷᠢᠭ ᠤᠨ ᠠᠵᠢᠯᠲᠠᠨ ᠵᠢᠴᠢ ᠨᠠᠮ ᠤᠨ ᠭᠡᠰᠢᠭᠦᠨ ᠬᠠᠷᠢᠶ᠎ᠠ ᠣᠷᠣᠨ ᠤ ᠭᠤᠣᠨᠢ ᠨᠠᠰᠤᠲᠠᠨ ᠸᠠᠩ ᠬᠦᠶ ᠹᠠᠩ ᠤᠨ ᠬᠡᠷ ᠲᠤ ᠬᠦᠷᠴᠦ᠂ ᠠᠵᠢᠯ ᠬᠤᠪᠢᠶᠠᠷᠢᠯᠠᠨ ᠬᠠᠮᠲᠤᠷᠠᠯᠴᠠᠵᠤ᠂ ᠨᠠᠰᠤᠲᠠᠨ ᠢ ᠬᠠᠪᠰᠤᠷᠤᠨ ᠡᠯᠳᠡᠪ ᠪᠣᠳᠠᠰ ᠢ ᠴᠡᠪᠡᠷᠯᠡᠨ᠂ ᠬᠡᠷ ᠤᠨ ᠬᠡᠷᠡᠭᠰᠡᠯ ᠢ ᠠᠷᠴᠢᠵᠤ᠂ ᠴᠠᠬᠢᠯᠭᠠᠨ ᠤᠲᠠᠰᠤ ᠴᠠᠬᠢᠯᠭᠠᠨ ᠬᠡᠯᠬᠢᠶ᠎ᠡ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ᠂ ᠠᠷᠠᠳ ᠲᠦᠮᠡᠨ ᠳᠤ ᠣᠶᠢᠯᠡᠴᠢᠯᠡᠬᠦ ᠣᠶᠢᠯᠠᠭᠠᠭᠳᠠᠬᠤᠨ ᠢ ᠢᠳᠡᠪᠬᠢᠲᠡᠶ ᠣᠶᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠤᠳᠤᠵᠤ ᠪᠠᠶᠢᠭ᠎ᠠ ᠬᠦᠰᠠᠵᠣ ᠪᠠᠶᠢᠭ᠎ᠠ ᠶᠢ ᠰᠢᠢᠳᠪᠦᠷᠢᠯᠡᠪᠡ᠃    ᠲᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠢ ᠢᠳᠡᠪᠬᠢᠲᠡᠶ ᠪᠠᠷ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠣᠯᠠᠨ ᠲᠦᠮᠡᠨ ᠤ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ ᠨᠠᠩ ᠦᠷᠭᠦᠯᠵᠢᠯᠡᠨ᠎ᠠ᠃ 
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号