ᠨᠠᠰᠤᠲᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ | ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠥᠨᠳᠥᠷ ᠨᠠᠰᠤᠨ ᠤ ᠠᠮᠢᠳᠤᠷᠠᠯ ᠤᠨ ᠨᠥᠬᠦᠪᠥᠷᠢ ᠮᠦᠩᠬᠦ ᠶᠢ ᠴᠠᠭ | ᠲᠤᠬᠠᠶ ᠳᠤᠨᠢ ᠣᠯᠵᠤ ᠠᠪᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ | ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠥᠨᠳᠥᠷ ᠨᠠᠰᠤᠨ ᠤ ᠨᠥᠬᠦᠪᠥᠷᠢ ᠮᠦᠩᠬᠦ ᠶᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠶ | ᠥᠷᠨᠢᠭᠦᠯᠪᠡ᠃ | ᠭᠦᠢᠴᠡᠳᠭᠡᠬᠦ ᠶᠠᠪᠤᠴᠠ ᠳᠤ᠂ ᠨᠡᠶᠢᠭᠡᠮ ᠲᠣᠭᠤᠷᠢᠭ ᠨᠢ ︽ᠬᠥᠮᠦᠨ ᠢᠶᠠᠷ ᠦᠨᠳᠦᠰᠦ ᠪᠣᠯᠭᠠᠵᠤ᠂ | ᠦᠢᠯᠡᠴᠢᠯᠡᠭᠡ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ ᠨᠡᠶᠢᠭᠡᠮ ᠲᠣᠭᠤᠷᠢᠭ ᠲᠤ ᠬᠦᠷᠣᠯᠴᠠᠨ | ᠢᠷᠡᠭᠰᠠᠨ ᠨᠠᠰᠤᠲᠠᠨ ᠢ ᠨᠡᠶᠢᠭᠡᠮ ᠲᠣᠭᠤᠷᠢᠭ ᠤᠨ ᠠᠵᠢᠯᠲᠠᠳ ᠬᠠᠯᠠᠭᠤᠨ ᠢᠶᠠᠷ ᠵᠣᠴᠢᠯᠠᠵᠤ᠂ ᠰᠠᠭᠤᠭᠠᠯᠢ ᠠᠷᠠᠳ ᠲᠤ | ᠥᠨᠳᠥᠷ ᠨᠠᠰᠤᠨ ᠤ ᠨᠥᠬᠦᠪᠥᠷᠢ ᠮᠦᠩᠬᠦ ᠶᠢ ᠭᠤᠲᠣᠴᠢᠯᠠᠬᠤ ᠳᠤ ᠬᠡᠷᠡᠭᠰᠡᠬᠦ ᠡᠯ᠎ᠡ ᠵᠦᠢᠯ ᠤᠨ ᠮᠠᠲ᠋ᠧᠷᠢᠶᠠᠯ ᠢ ᠨᠠᠷᠢᠨ | ᠲᠣᠳᠣᠷᠬᠠᠶ ᠬᠡᠯᠡᠵᠦ ᠥᠭᠪᠡ᠃ ᠰᠠᠭᠤᠭᠠᠯᠢ ᠠᠷᠠᠳ ᠤᠨ ᠭᠤᠶᠤᠴᠢᠯᠠᠬᠤ ᠶᠠᠪᠤᠴᠠ ᠳᠤ ᠲᠤᠯᠭᠠᠷᠠᠭᠰᠠᠨ ᠠᠰᠠᠭᠤᠯᠲᠠ | ᠪᠠ ᠲᠥᠭᠡᠷᠢᠭᠳᠡᠯ ᠳᠤ ᠴᠢᠭᠯᠡᠭᠦᠯᠦᠨ ᠬᠦᠯᠢᠴᠡᠩᠭᠦᠢ ᠪᠠᠷ ᠬᠠᠷᠢᠭᠤᠯᠲᠠ ᠥᠭᠴᠦ᠂ ᠰᠠᠭᠤᠭᠠᠯᠢ ᠠᠷᠠᠳ ᠲᠤ ᠪᠥᠬᠦ | ᠲᠠᠯ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠭᠤᠶᠤᠴᠢᠯᠠᠭᠴᠢ ᠨᠢᠭᠡᠪᠦᠷᠢ ᠶᠢᠨ ᠮᠡᠳᠡᠭᠡ ᠵᠠᠩᠭᠢ ᠶᠢᠨ | ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠵᠤ᠂ | ᠨᠠᠰᠤᠲᠠᠶᠢᠴᠤᠳ ᠲᠤ ᠳᠥᠭᠦᠮ ᠳᠥᠲᠡ᠂ ᠪᠦᠷᠢᠨ ᠭᠦᠢᠴᠡᠳ ᠦᠢᠯᠡᠴᠢᠯᠡᠭᠡ ᠬᠠᠩᠭᠠᠭᠰᠠᠨ ᠪᠥᠭᠡᠳ ᠨᠡᠶᠢᠭᠡᠮ | ᠲᠣᠭᠤᠷᠢᠭ ᠤᠨ ᠠᠵᠢᠯᠲᠠᠳ ᠪᠠᠰᠠ ᠬᠠᠷᠢᠶ᠎ᠠ ᠣᠷᠣᠨ ᠤ ᠪᠠᠨ ᠭᠤᠣᠨᠢ ᠰᠠᠭᠤᠭ᠎ᠠ ᠪᠥᠭᠡᠳ ᠬᠥᠳᠡᠯᠵᠦ ᠪᠠᠷᠢᠬᠤ ᠳᠤ | ᠳᠥᠭᠦᠮ ᠦᠭᠡᠢ ᠨᠠᠰᠤᠲᠠᠶᠢᠴᠤᠳ ᠲᠤ ᠭᠡᠷ ᠲᠤᠨᠢ ᠬᠦᠷᠴᠦ ᠭᠦᠢᠴᠡᠳᠬᠡᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ | ᠦᠢᠯᠡᠴᠢᠯᠡᠭᠡᠨ ᠤ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ | ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ |