ᠨᠡᠶᠢᠭᠡᠮ ᠲᠣᠭᠤᠷᠢᠭ ᠤᠨ ᠲᠡᠷᠢᠭᠦᠨ ᠤ ᠨᠡᠶᠢᠲᠡᠯᠢᠭ ᠵᠢᠱᠢᠶᠠᠴᠢ ᠶᠢ ᠬᠥᠬᠢᠭᠦᠯᠦᠨ ᠰᠠᠶᠢᠰᠢᠶᠠᠵᠤ᠂ ᠢᠳᠡᠪᠬᠢ | ᠬᠦᠴᠦᠨ ᠢ ᠪᠠᠳᠠᠷᠠᠭᠤᠯᠣᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠠᠷᠢᠭᠤᠨ ᠴᠢᠬᠡᠴᠢ ᠦᠵᠡᠯ | ᠰᠠᠨᠠᠭ᠎ᠠ ᠪᠠᠷ ᠰᠠᠭᠤᠷᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦ ᠪᠣᠯᠭᠠᠨ᠂ | ᠬᠠᠮᠲᠤ ᠪᠠᠷ ᠡᠭᠦᠳᠬᠦ ᠪᠠᠷ ᠭᠠᠷᠳᠠᠴᠠ ᠪᠣᠯᠭᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠱᠧᠨᠴᠢᠤᠸᠠᠨ ᠨᠡᠶᠢᠭᠡᠮ | ᠲᠣᠭᠤᠷᠢᠭ ᠤᠨ ᠬᠢᠨ ︽ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠴᠢᠭᠯᠡᠯ ᠢ ᠲᠣᠳᠣᠷᠬᠠᠶᠢᠯᠠᠵᠤ ᠨᠡᠶᠢᠲᠡᠯᠢᠭ | ᠵᠢᠱᠢᠶᠠᠴᠢ ᠶᠢ ᠬᠥᠬᠢᠭᠦᠯᠦᠨ ᠰᠠᠶᠢᠰᠢᠶᠠᠵᠤ ᠰᠢᠨ᠎ᠡ ᠰᠤᠷᠲᠠᠯ ᠢ ᠪᠤᠢ ᠪᠣᠯᠭᠠᠬᠤ︾ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠪᠡ᠃ | ᠨᠡᠶᠢᠭᠡᠮ ᠲᠣᠭᠤᠷᠢᠭ ᠤᠨ ᠱᠦᠵᠢ ᠠᠴᠠ ᠰᠠᠭᠤᠭᠠᠯᠢ ᠠᠷᠠᠳ ᠲᠤ ᠲᠦᠷᠦ ᠶᠢᠨ ᠪᠤᠳᠤᠯᠭ᠎ᠠ ᠶᠢᠨ ᠲᠣᠬᠠᠢ | ᠲᠠᠶᠢᠯᠣᠮᠵᠢ ᠬᠢᠪᠡ᠃ ᠠᠵᠢᠯᠯᠠᠭ᠎ᠠ ᠶᠢᠨ ᠳᠤᠮᠳᠠ᠂ ᠱᠧᠨᠴᠢᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ | ᠱᠦᠵᠢ ᠡᠩ ᠲᠡᠷᠢᠭᠦᠨ ᠳᠤ ᠤᠯᠠᠨ ᠢ ᠳᠠᠭᠠᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︽ᠵᠢᠷᠭᠤᠭᠠᠨ ᠦᠭᠡ ᠶᠢᠨ ᠪᠣᠳᠠᠲᠤ | ᠬᠡᠷᠡᠭ ᠪᠠ ᠶᠣᠰᠣ ᠤᠴᠢᠷ︾ ᠢ ︽ᠠᠷᠠᠳ ᠤᠨ ᠳᠠᠭᠤᠨ︾ ᠢᠶᠠᠷ ᠳᠠᠮᠵᠢᠨ ︽ᠨᠠᠮ ᠤᠨ ᠳᠠᠭᠤᠨ︾ ᠢ ᠳᠠᠮᠵᠢᠭᠤᠯᠵᠤ᠂ | ᠦᠨᠳᠦᠰᠦᠲᠡᠨ ᠨᠦᠭᠦᠳ ᠤᠨ ᠬᠤᠭᠤᠷᠣᠨᠳᠣ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠦᠷᠭᠦᠯᠵᠢᠯᠡᠨ ᠲᠡᠮᠡᠴᠡᠨ᠂ ᠪᠠᠲᠤ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠠ | ᠡᠷᠡᠯᠬᠡᠭᠯᠡᠨ ᠲᠡᠮᠡᠴᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠤᠭ ᠰᠠᠨᠠᠭ᠎ᠠ ᠪᠠᠨ | ᠦᠯᠦ ᠮᠠᠷᠲᠠᠵᠤ ᠨᠠᠮ ᠢᠶᠠᠨ ᠳᠠᠭᠠᠬᠤ ᠶᠢ ᠤᠷᠢᠶᠠᠯᠠᠪᠠ᠃ ᠳᠠᠷᠠᠭ᠎ᠠ ᠨᠢ᠂ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠡᠮ ᠡᠮᠨᠡᠯᠭᠡ ᠶᠢᠨ ᠪᠠᠲᠤᠯᠠᠭ᠎ᠠ ᠠᠴᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠬᠦᠷᠲᠡᠯ᠎ᠡ᠂ | ᠥᠨᠳᠥᠷ ᠨᠠᠰᠤᠨ ᠤ ᠨᠦᠬᠦᠪᠣᠷᠢ ᠮᠦᠩᠬᠦ ᠶᠢ ᠡᠭᠡᠯ ᠠᠷᠡᠳ ᠤᠨ ᠭᠠᠷ ᠲᠤ ᠬᠦᠷᠭᠡᠵᠣ ᠦᠭᠬᠦ ᠬᠦᠷᠳᠡᠯ᠎ᠠ᠂ | ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠨᠠᠮ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ ᠥᠭᠴᠠᠢ᠃ | ᠠᠷᠭ᠎ᠠ ᠪᠤᠳᠤᠯᠭ᠎ᠠ ᠶᠢ ᠲᠣᠶᠢᠯᠪᠣᠷᠢᠳᠡᠢ ᠲᠠᠶᠢᠯᠪᠣᠷᠢᠯᠠᠵᠣ ᠠᠷᠠᠳ ᠤᠨ ᠵᠣᠪᠠᠨᠢᠯ ᠢ ᠠᠷᠢᠯᠭᠠᠪᠡ᠃ ᠰᠠᠭᠤᠭᠠᠯᠢ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ᠂ | ᠠᠵᠢᠯᠯᠠᠭ᠎ᠠ ᠨᠢ ᠪᠠᠰᠠ ᠣᠨᠴᠠᠭᠠᠶᠢᠯᠠᠨ ᠠᠰᠠᠭᠤᠵᠤ ᠲᠦᠷᠭᠡᠨ ᠬᠠᠷᠢᠭᠤᠯᠬᠤ ᠭᠤᠭᠴᠤᠭ᠎ᠠ ᠭᠠᠷᠭᠠᠪᠠ᠃ ︽ᠥᠨᠳᠥᠷ | ᠨᠠᠰᠤᠨ ᠤ ᠨᠥᠬᠦᠪᠥᠷᠢ ᠮᠦᠩᠬᠦ︾᠂ ︽ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠮᠦᠩᠬᠦ︾᠂ ︽ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠦᠩᠬᠦ︾ ᠨᠢ ᠰᠠᠷ᠎ᠠ ᠪᠦᠷᠢ ᠬᠡᠳᠦᠢ ᠪᠣᠢ ᠵᠡᠷᠭᠡ ᠠᠰᠠᠭᠤᠯᠲᠠ | ᠶᠢᠨ ᠲᠣᠭᠤᠷᠢᠨ ᠳᠤ᠂ ᠮᠠᠰᠢ ᠣᠯᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠢᠳᠡᠪᠬᠢᠲᠡᠶ ᠪᠠᠷ ᠭᠠᠷ ᠡᠷᠭᠦᠨ | ᠬᠠᠷᠢᠭᠤᠯᠲᠠ ᠥᠭᠴᠦ ᠪᠠᠶᠢᠯ᠎ᠠ᠃ ᠲᠣᠰ ᠤᠳᠠᠭᠠᠨ ᠤ ᠠᠰᠠᠭᠤᠯᠲᠠ ᠬᠠᠷᠢᠭᠤᠯᠲᠠ ᠨᠢ ᠰᠠᠭᠤᠭᠠᠯᠢ ᠠᠷᠠᠳ ᠤᠨ | ᠲᠥᠷᠥ ᠶᠢᠨ ᠪᠣᠳᠣᠯᠭ᠎ᠠ ᠶᠢ ᠡᠵᠡᠮᠰᠢᠬᠦ ᠬᠡᠮᠵᠢᠶ᠎ᠡ ᠶᠢ ᠰᠢᠯᠭᠠᠭᠰᠠᠨ ᠪᠥᠭᠡᠳ ᠪᠠᠰᠠ ᠣᠯᠠᠨ ᠲᠦᠮᠡᠨ ᠤ ᠰᠤᠷᠤᠯᠴᠠᠬᠤ | ᠬᠠᠯᠠᠭᠤᠨ ᠰᠡᠳᠬᠢᠯᠭᠡ ᠪᠠ ᠣᠷᠣᠯᠴᠠᠬᠤ ᠢᠳᠡᠪᠬᠢᠵᠢᠯ ᠢ ᠬᠥᠭᠵᠢᠭᠡᠭᠰᠡᠨ ᠪᠠᠶᠢᠨ᠎ᠠ᠃ | ᠠᠨᠠᠷ ᠤᠨ ᠦᠷ᠎ᠡ ᠰᠢᠭ ᠨᠢᠬᠳᠡᠷᠡᠨ ᠪᠦᠯᠬᠦᠳᠡᠮᠵᠣ ᠰᠡᠳᠬᠢᠯ ᠨᠢᠭᠡᠳᠴᠦ ᠬᠦᠰᠡᠯ ᠵᠡᠭᠦᠳᠦ ᠪᠠᠨ ᠬᠠᠮᠲᠤ ᠪᠠᠷ | ᠲᠡᠷᠭᠡᠯᠰᠢᠭᠦᠯᠣᠨᠠ᠃ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠠᠴᠠ ︽ᠠᠨᠠᠷ ᠤᠨ ᠦᠷ᠎ᠡ ᠶᠢᠨ ᠬᠡᠷ | ᠪᠦᠯᠢ︾᠂ ︽ᠷᠠᠰᠢᠶᠠᠨ ᠤ ᠰᠠᠶᠢᠨ ᠬᠥᠮᠦᠨ︾ ᠳᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠶᠠᠪᠤᠳᠠᠯ ᠪᠣᠯ | ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠨᠢᠭᠡ ᠬᠡᠷ ᠪᠦᠯᠢ ᠮᠠᠳᠣ ᠲᠣᠳᠣᠨᠣ | ᠪᠠᠶᠢᠬᠤ ᠶᠢ ᠢᠯᠡᠷᠡᠭᠦᠯᠵᠡᠢ᠃ ᠲᠡᠳᠡᠨ ᠤ ᠦᠯᠢᠭᠡᠷ ᠳᠠᠭᠤᠷᠢᠶᠠᠯ ᠤᠨ ᠬᠦᠴᠦᠨ ᠢ ᠭᠦᠢᠴᠡᠳ ᠪᠠᠳᠠᠷᠠᠭᠤᠯᠬᠤ ᠶᠢ | ᠵᠣᠷᠢᠭᠵᠢᠭᠤᠯᠵᠤ᠂ ︽ᠪᠠᠭ᠎ᠠ ᠭᠡᠷ︾ ᠢᠶᠠᠷ ︽ᠶᠡᠭᠡ ᠭᠡᠷ︾ ᠢ ᠲᠠᠶᠢᠴᠢᠯᠠᠵᠤ᠂ ᠰᠠᠶᠢᠨ ᠬᠥᠮᠦᠨ ᠤ ᠰᠠᠶᠢᠨ ᠶᠠᠪᠤᠳᠠᠯ ᠢ | ᠤᠯᠠᠮᠵᠢᠯᠠᠨ ᠲᠠᠮᠵᠢᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠪᠠᠳᠡᠷᠡᠭᠤᠯᠬᠤ ᠶᠢ ᠵᠣᠷᠢᠭᠵᠢᠭᠤᠯᠪᠠ᠃ | ᠱᠧᠨᠴᠢᠤᠸᠠᠨ ᠨᠡᠶᠢᠭᠡᠮ ᠲᠣᠭᠤᠷᠢᠭ ᠴᠤ ᠡᠯ᠎ᠡ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠦᠨᠳᠦᠰᠦᠲᠡᠨ ᠤ ᠪᠦᠯᠬᠦᠮᠳᠡᠯ ᠤᠨ ᠴᠢᠩ ᠦᠨᠡᠨᠴᠢ ᠬᠠᠶᠢᠷ᠎ᠠ ᠰᠡᠳᠬᠢᠯᠭᠡ ᠶᠢ ᠦᠨᠳᠦᠰᠦᠲᠡᠨ ᠨᠦᠭᠦᠳ ᠤᠨ | ᠰᠠᠭᠤᠭᠠᠯᠢ ᠠᠷᠠᠳ ᠤᠨ ᠰᠡᠳᠬᠢᠯ ᠳᠤ ᠠᠭᠤᠰᠬᠠᠵᠤ᠂ ᠠᠨᠠᠷ ᠤᠨ ᠦᠷ᠎ᠡ ᠶᠢ ᠨᠠᠩ ᠨᠢᠬᠳᠡᠷᠡᠨ ᠪᠦᠯᠬᠦᠮᠳᠡᠬᠦᠯᠵᠣ᠂ | ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ᠨᠠᠩ ᠣᠶᠢᠷ᠎ᠡ ᠲᠣᠳᠣᠨᠣ ᠪᠣᠯᠭᠠᠵᠠᠢ᠃ | ᠳᠠᠷᠠᠭᠠᠴᠢ ᠶᠢᠨ ᠠᠯᠬᠤᠮ ᠳᠤ᠂ ᠱᠧᠨᠴᠢᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠦᠷᠭᠦᠯᠵᠢᠯᠡᠨ | ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠨᠠᠮ ᠤᠨ ᠠᠴᠢ ᠳᠤ ᠲᠠᠯᠠᠷᠬᠠᠵᠣ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠶᠠᠪᠤᠳᠠᠯ ᠢ ᠰᠡᠳᠬᠢᠯ ᠳᠡᠭᠡᠨ ᠪᠤᠳᠤᠵᠤ᠂ | ᠭᠠᠷ ᠲᠠᠭᠠᠨ ᠠᠳᠬᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ | ᠰᠠᠨᠠᠭᠠᠨ ᠳᠤ ᠨᠡᠶᠢᠴᠡᠬᠦ ᠶᠠᠪᠤᠳᠠᠯ ᠢ ᠰᠠᠶᠢᠲᠤᠷ ᠢᠯᠡᠬᠦᠭᠡᠨ ᠬᠢᠨ᠎ᠠ᠃ |