ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2024/11/4
     ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠪᠦᠬᠦ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠳᠠᠨ ᠤ ᠬᠠᠷᠢᠭᠤᠴᠠᠯᠭᠠᠳᠣ ᠰᠡᠳᠬᠢᠯᠭᠡ᠂ ᠢᠷᠠᠭᠤ ᠠᠯᠳᠠᠷ ᠤᠨ ᠲᠦᠷᠦᠭᠳᠡᠯ ᠵᠢᠴᠢ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠪᠠᠷ᠂ 10 ᠰᠠᠷ᠎ᠠ ᠶᠢᠨ 31 ᠤ ᠡᠳᠦᠷ᠂ ᠷᠠᠰᠢᠶᠠᠨ ᠬᠤᠳᠠ ᠶᠢᠨ ᠵᠡᠮᠳᠡᠭᠴᠦᠳ ᠤᠨ  ᠶᠡᠷᠤᠩᠬᠡᠢ ᠦᠢᠯᠡᠴᠢᠯᠡᠭᠡᠨ ᠤ ᠲᠥᠪ ︽2024 ᠣᠨ ᠤ ᠷᠠᠰᠢᠶᠠᠨ ᠬᠤᠳᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ︾ ᠡᠷᠬᠢᠯᠡᠪᠡ᠃      ᠲᠤᠰ ᠤᠳᠠᠭᠠᠨ ᠤ ᠤᠷᠠᠯᠢᠭ ᠤᠨ ᠨᠠᠶᠢᠷ ᠨᠢ ᠠᠷᠪᠠᠨ ᠲᠤᠯᠤᠭᠠᠨ ᠦᠰᠦᠭᠳᠤ ᠰᠢᠯᠦᠭ ︽ᠰᠢᠨ᠎ᠡ ᠴᠠᠭ ᠦᠶ᠎ᠡ ᠶᠢ ᠬᠠᠮᠲᠤ ᠪᠠᠷ ᠡᠳ᠋ᠯᠡᠶ᠎ᠡ︾ ᠭᠡᠬᠦ ᠪᠠᠶᠠᠷ ᠪᠠᠶᠠᠰᠬᠤᠯᠠᠩᠲᠤ ᠬᠥᠭ ᠠᠶᠠᠰ ᠤᠨ ᠳᠤᠮᠳᠠ ᠭᠤᠶᠢᠳᠠ ᠰᠠᠶᠢᠬᠠᠨ ᠨᠠᠶᠢᠷ ᠢᠶᠠᠨ ᠡᠬᠢᠯᠡᠭᠦᠯᠵᠦ᠂ ᠵᠠᠯᠭᠠᠭᠠᠳ ᠮᠣᠩᠭᠤᠯ ᠳᠠᠭᠤᠤ ︽ᠠᠩᠬᠢᠯᠤᠮ᠎ᠠ ᠦᠨᠦᠷ ᠬᠠᠩᠬᠤᠯᠤᠨ᠎ᠠ︾ ᠭᠡᠬᠦ ᠳᠠᠭᠤᠤ  ᠶᠢ ᠬᠠᠩᠭᠢᠨᠠᠲᠠᠯ᠎ᠠ ᠴᠤᠤᠷᠢᠶᠠᠲᠤᠭᠤᠯᠤᠭᠰᠠᠨ ᠤᠯᠠᠨ ᠲᠦᠮᠡᠨ ᠤ ᠰᠡᠳᠭᠢᠯ ᠢ ᠲᠤᠯᠠᠭᠠᠴᠠᠭᠤᠯᠤᠭᠰᠠᠨ ᠤᠷᠠᠨ ᠰᠠᠶᠢᠬᠠᠨ  ᠤ ᠲᠤᠭᠯᠠᠯᠳᠠ ᠪᠠᠷ ᠢᠶᠠᠨ ᠥᠷᠭᠡᠨ ᠣᠯᠠᠨ  ᠵᠡᠮᠳᠡᠭᠴᠤᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠡᠷᠡᠮᠡᠬᠡᠶᠢᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠲᠡᠳᠡᠨᠡᠷ  ᠤᠨ ᠨᠢᠭᠡ ᠰᠡᠳᠬᠢᠯ ᠢᠶᠠᠷ ᠨᠠᠮ ᠳᠠᠭᠠᠨ  ᠦᠨᠡᠨᠴᠢ᠂ ᠨᠠᠮ ᠤᠨ ᠠᠴᠢ ᠳᠤ ᠲᠠᠯᠠᠷᠬᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠳᠬᠡᠵᠡᠶ᠃      ᠲᠣᠰ ᠤᠳᠠᠭᠠᠨ ᠤ ᠠᠵᠢᠯᠯᠠᠭ᠎ᠠ ᠨᠢ ᠵᠡᠮᠳᠡᠭᠴᠦᠳ ᠲᠤ ᠠᠪᠢᠶᠠᠰ ᠴᠢᠳᠠᠪᠤᠷᠢ ᠪᠠᠨ ᠭᠠᠶᠢᠬᠠᠭᠤᠯᠬᠤ᠂ ᠥᠪᠡᠷ ᠢ ᠪᠠᠨ ᠢᠯᠡᠳᠬᠡᠬᠦ ᠲᠠᠪᠴᠠᠩ ᠪᠠᠶᠢᠭᠤᠯᠤᠨ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠵᠡᠮᠳᠡᠭᠴᠦᠳ ᠤᠨ ᠰᠢᠨᠲᠠᠷᠠᠰᠢ ᠥᠬᠡᠶ᠂ ᠬᠦᠮᠤᠰ ᠤᠨ ᠰᠡᠳᠬᠢᠯ ᠢ  ᠬᠦᠳᠡᠯᠭᠡᠮ᠎ᠠ ᠦᠪᠡᠷᠮᠢᠴᠡ ᠷᠢᠳᠢ ᠰᠢᠳᠢ ᠶᠢ ᠲᠡᠯᠭᠡᠨ ᠦᠵᠡᠬᠦᠯᠵᠤ᠂ ᠥᠷᠭᠡᠨ ᠣᠯᠠᠨ ᠵᠡᠮᠳᠡᠭᠴᠦᠳ ᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠭᠠᠷ ᠬᠤᠯᠪᠣᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠶᠢ ᠵᠣᠷᠢᠭᠵᠢᠭᠤᠯᠪᠠ᠃
 
ᠢᠷᠡᠯᠲᠡ᠄ ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号