ᠷᠡᠰᠢᠶᠠᠨ ᠬᠤᠳᠡ ᠶᠢᠨ ᠢᠷᠪᠢᠰ ᠵᠡᠭᠡᠯᠢ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠳᠣᠯᠠᠭ᠎ᠠ ᠶᠢᠨ ᠲᠣᠪᠴᠢᠶ᠎ᠠ ᠲᠠᠢ ᠬᠤᠯᠪᠣᠭᠠᠯᠠᠨ ᠫᠢᠩᠫᠠᠩ ᠪᠦᠮᠪᠦᠭᠡᠨ ᠣᠷᠣᠯᠳᠣᠭᠠᠨ ᠡᠷᠬᠢᠯᠡᠪᠡ
ᠨᠡᠶᠢᠲᠡᠯᠡᠭᠰᠡᠨ ᠴᠠᠭ᠄
2024/11/5
   ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠤᠯᠠᠮ ᠨᠢᠭᠡ ᠠᠯᠬᠤᠮ ᠭᠦᠨᠵᠡᠭᠡᠶ ᠦᠢᠯᠡᠳᠦᠯᠭᠡᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠂ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 2 ᠤᠨ ᠡᠳᠦᠷ᠂ ᠷᠡᠰᠢᠶᠠᠨ ᠬᠤᠳᠡ  ᠶᠢᠨ ᠢᠷᠪᠢᠰ ᠵᠡᠭᠡᠯᠢ ᠶᠢᠨ ᠬᠢᠨ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ︽ᠫᠢᠩᠫᠠᠩ ᠪᠥᠮᠪᠦᠭᠡ ᠪᠠᠷ ᠴᠤᠭ ᠵᠢᠪᠬᠤᠭ᠎ᠠ ᠪᠠᠨ ᠪᠠᠳᠠᠷᠠᠭᠤᠯᠵᠤ ︿ᠡᠶ᠎ᠡ ᠵᠣᠬᠢᠴᠠᠯ﹀ ᠢ ᠠᠬᠢᠭᠤᠯᠬᠤ︾ ᠤᠷᠤᠯᠳᠤᠭᠠᠨ ᠶᠠᠪᠣᠭᠤᠯᠪᠡ᠃ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠷᠠᠰᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠢᠷᠪᠢᠰ ᠵᠡᠭᠡᠯᠢ᠂ ᠢᠷᠪᠢᠰ ᠪᠡᠶ᠎ᠡ ᠴᠢᠭᠢᠷᠠᠭᠵᠢᠭᠤᠯᠬᠤ ᠵᠢᠴᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ 5 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃    ᠲᠣᠰ ᠤᠳᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠨᠢ ᠥᠷᠭᠡᠨ ᠣᠯᠠᠨ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠠᠳ ᠲᠤ ᠨᠢᠭᠡ ᠤᠳᠠᠭᠠᠨ ᠤ ᠴᠤᠭ ᠵᠢᠪᠬᠤᠭ᠎ᠠ ᠪᠠᠨ ᠪᠠᠳᠠᠷᠡᠭᠤᠯᠬᠤ᠂ ᠪᠦᠯᠬᠦᠮ ᠪᠡ ᠨᠡᠶᠢᠲᠡ ᠶᠢᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠲᠠᠪᠴᠠᠩ ᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠴᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠦᠨ᠂ ᠨᠥᠬᠦᠷᠯᠡᠯ ᠢᠶᠠᠨ ᠪᠠᠳᠣᠳᠬᠠᠬᠤ ᠳᠤ ᠲᠠᠪᠴᠠᠩ ᠬᠠᠩᠭᠠᠭᠰᠠᠨ ᠪᠠᠶᠢᠨ᠎ᠠ᠃ ᠵᠠᠯᠭᠠᠭᠠᠳ᠂ ᠢᠷᠪᠢᠰ ᠵᠡᠭᠡᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ   ᠢᠶᠠᠨ ᠪᠣᠯᠭᠠᠵᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠣᠨ᠂ ᠡᠯ᠎ᠡ ᠲᠦᠷᠦᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠤᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号