ᠤᠯᠤᠰ ᠤᠨ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠨᠢᠭᠡᠨᠲᠡ ᠡᠬᠢᠯᠡᠪᠡ
ᠨᠡᠶᠢᠲᠡᠯᠡᠭᠰᠡᠨ ᠴᠠᠭ᠄
2024/11/5
     ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2025 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠠᠯᠪᠠᠨ ᠵᠠᠷᠯᠠᠯ ᠢ ᠦᠨᠳᠦᠰᠦᠯᠡᠪᠡᠯ᠂ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠰᠢᠯᠭᠠᠯᠲᠠ ᠳᠤ ᠨᠡᠷ᠎ᠡ ᠮᠡᠳᠡᠭᠦᠯᠦᠭᠰᠡᠳ 11 ᠰᠠᠷ᠎ᠠ ᠶᠢᠨ 1 ᠤ ᠡᠳᠦᠷ ᠤᠨ 0᠄ 00   ᠠᠴᠠ 11 ᠰᠠᠷ᠎ᠠ ᠶᠢᠨ 6 ᠤ ᠡᠳᠦᠷ ᠤᠨ 24᠄ 00 ᠪᠣᠯᠲᠠᠯ᠎ᠠ ᠲᠤᠰᠬᠠᠢ ᠰᠦᠯᠵᠢᠶᠡᠨ ᠳᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠨᠤᠲᠠᠯᠠᠬᠤ ᠶᠢᠨ ᠬᠠᠮᠲᠤ ᠰᠦᠢᠳᠬᠡᠯ ᠲᠤᠰᠢᠶᠠᠵᠤ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠨᠤᠲᠠᠯᠠᠬᠤ ᠶᠢᠨ ᠬᠠᠮᠲᠤ ᠰᠦᠢᠳᠬᠡᠯ ᠲᠤᠰᠢᠶᠠᠵᠤ ᠳᠠᠭᠤᠰᠬᠠᠭᠰᠠᠨ ᠦᠭᠡᠢ ᠪᠠᠶᠢᠪᠠᠯ᠂ ᠨᠡᠷ᠎ᠡ ᠮᠡᠳᠡᠭᠦᠯᠬᠦ ᠬᠢᠷᠢ ᠬᠡᠮ ᠢᠶᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ ᠨᠡᠷ᠎ᠡ ᠮᠡᠳᠡᠭᠦᠯᠦᠭᠰᠡᠳ 11 ᠰᠠᠷ᠎ᠠ ᠶᠢᠨ 25 ᠤ ᠡᠳᠦᠷ ᠤᠨ 0᠄ 00 ᠠᠴᠠ 12 ᠰᠠᠷ᠎ᠠ ᠶᠢᠨ 1 ᠤ ᠡᠳᠦᠷ ᠤᠨ 15᠄ 00 ᠤᠨ ᠬᠤᠭᠤᠷᠣᠨᠳᠤ ᠲᠤᠰᠬᠠᠢ ᠰᠦᠯᠵᠢᠶᠡᠨ ᠳᠤ ᠭᠠᠷᠴᠤ ᠰᠢᠯᠭᠠᠭᠤᠯᠬᠤ ᠦᠨᠡᠮᠯᠡᠯ ᠢᠶᠠᠨ ᠳᠠᠷᠤᠮᠠᠯᠯᠠᠵᠤ ᠪᠣᠯᠣᠨ᠎ᠠ᠃      ᠲᠣᠰ ᠤᠳᠠᠭᠠᠨ ᠤ ᠤᠯᠤᠰ ᠤᠨ ᠠᠯᠪᠠᠲᠠᠨ ᠤ ᠰᠢᠯᠭᠠᠯᠲᠠ ᠳᠤ ᠨᠡᠶᠢᠲᠡ 341.6 ᠲᠦᠮᠡᠨ ᠬᠥᠮᠥᠨ ᠬᠥᠮᠥᠨ ᠬᠡᠷᠡᠭᠯᠡᠬᠦ ᠨᠢᠭᠡᠴᠢ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠂ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠨ ᠤ ᠲᠤᠭ᠎ᠠ ᠪᠣᠯᠣᠨ ᠡᠯᠰᠡᠨ ᠬᠡᠷᠡᠭᠯᠡᠬᠦ ᠲᠥᠯᠥᠪᠯᠡᠭᠡ ᠶᠢᠨ ᠲᠤᠭ᠎ᠠ ᠶᠢᠨ ᠬᠠᠷᠢᠴᠠᠯ ᠨᠢ ᠪᠠᠷᠤᠭ 86᠄ 1 ᠪᠣᠯᠣᠨ᠎ᠠ᠃
 
ᠢᠷᠡᠯᠲᠡ᠄ ᠤᠯᠤᠰ ᠤᠨ ᠠᠯᠪᠠᠲᠠᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号