ᠨᠣᠮ ᠤᠨ ᠦᠨᠦᠷ ᠬᠠᠩᠬᠢᠭᠤᠯᠣᠬᠰᠠᠨ ᠨᠡᠶᠢᠭᠡᠮ ᠲᠣᠭᠤᠷᠢᠭ ᠤᠨ ᠣᠩᠰᠢᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/11/7
   ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ᠂ ᠰᠠᠶᠢᠨ ᠨᠣᠮ ᠤᠩᠰᠢᠬᠤ ᠪᠣᠯᠪᠠᠰᠤᠨ ᠬᠡᠪ ᠰᠤᠷᠲᠠᠯ ᠪᠣᠯᠤᠨ ᠨᠠᠰᠤᠨ ᠲᠤᠷᠰᠢᠳᠠ ᠰᠤᠷᠤᠯᠴᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠡᠳᠦᠯᠭᠡ ᠶᠢᠨ ᠥᠷᠲᠡᠭᠡ ︽ ᠨᠣᠮ ᠤᠨ ᠦᠨᠦᠷ ᠬᠠᠩᠬᠢᠭᠤᠯᠣᠬᠰᠠᠨ ᠨᠡᠶᠢᠭᠡᠮ ᠲᠣᠭᠤᠷᠢᠭ ᠨᠣᠮ ᠤᠩᠰᠢᠯᠭ᠎ᠠ ᠪᠠᠷ ᠰᠡᠳᠬᠢᠯ ᠢᠶᠠᠨ ᠤᠮᠳᠠᠯᠠᠬᠤ︾ ᠨᠣᠮ ᠤᠩᠰᠢᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠤᠷᠢᠳ ᠢᠶᠠᠷ ᠨᠣᠮ ᠪᠢᠴᠢᠭ ᠤᠨ ᠥᠷᠥᠭᠡᠨ ᠠᠴᠠ ᠤᠩᠰᠢᠬᠤ ᠳᠤᠷᠠᠲᠠᠶ ᠨᠣᠮ ᠢᠶᠠᠨ ᠰᠣᠩᠭᠤᠵᠤ᠂ ᠬᠠᠷᠢᠯᠴᠠᠨ ᠲᠠᠨᠢᠯᠴᠠᠭᠤᠯᠭ᠎ᠠ ᠬᠢᠵᠣ᠂ ᠳᠠᠷᠠᠭ᠎ᠠ ᠪᠠᠷ ᠨᠢ ᠨᠣᠮ ᠣᠩᠰᠢᠬᠰᠠᠨ ᠲᠦᠷᠥᠭᠳᠡᠯ ᠢᠶᠠᠨ ᠬᠤᠪᠢᠶᠠᠯᠴᠠᠬᠤ ᠬᠤᠷᠠᠯ ᠢ ᠥᠷᠨᠢᠭᠦᠯᠣᠨ᠂ ᠣᠯᠤᠯᠲᠠ ᠲᠥᠷᠥᠭᠳᠡᠯ ᠢᠶᠠᠨ ᠬᠠᠷᠢᠯᠴᠠᠨ ᠬᠤᠪᠢᠶᠠᠯᠴᠠᠨ᠂ ᠰᠤᠷᠤᠯᠴᠠᠬᠤ ᠳᠤ ᠰᠡᠳᠬᠢᠮᠵᠢ ᠲᠠᠢ᠂ ᠰᠤᠷᠤᠯᠴᠠᠬᠤ ᠳᠤ ᠣᠯᠤᠯᠲᠠ ᠲᠠᠢ ᠪᠠᠶᠢᠬᠤ ᠶᠢ ᠪᠡᠶᠡᠯᠡᠭᠦᠯᠵᠡᠢ᠃    ᠲᠠᠷᠠᠭᠠᠴᠢ ᠶᠢᠨ ᠠᠯᠬᠤᠮ ᠳᠤ᠂ ᠾᠧ ᠪᠢᠨ ᠨᠡᠶᠢᠭᠡᠮ ᠲᠣᠭᠤᠷᠢᠭ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠩᠰᠢᠯᠭ᠎ᠠ ᠶᠢ ᠠᠭᠠᠵᠢᠮ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠠᠷᠭ᠎ᠠ ᠮᠠᠶ᠋ᠢᠭ ᠪᠠ ᠣᠶᠢᠯᠡ ᠠᠵᠢᠯᠯᠠᠭ᠎ᠠ ᠶᠢᠨ ᠳᠠᠳᠬᠠᠯ ᠪᠣᠯᠭᠠᠵᠤ᠂ ᠨᠣᠮ ᠤᠨ ᠦᠨᠦᠷ ᠬᠠᠩᠬᠤᠯᠤᠭᠰᠠᠨ᠂ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠬᠥᠭᠡᠭᠡᠴᠡᠯᠳᠦᠭᠰᠡᠨ᠂ ᠡᠶ᠎ᠡ ᠵᠣᠬᠢᠴᠠᠩᠭᠤᠶ ᠪᠣᠯᠪᠠᠰᠤᠨ᠂  ᠣᠷᠣᠰᠢᠨ ᠰᠠᠭᠤᠬᠤ ᠳᠤ ᠲᠣᠬᠢᠷᠠᠮᠵᠢᠲᠠᠶ ᠵᠣᠯ ᠵᠢᠷᠭᠠᠯᠲᠤ ᠨᠡᠶᠢᠭᠡᠮ ᠲᠣᠭᠤᠷᠢᠭ ᠢ ᠭᠠᠷ ᠬᠤᠯᠪᠣᠨ ᠬᠠᠮᠲᠤ ᠪᠠᠷ ᠴᠣᠭᠴᠠᠯᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号