ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ | ᠡᠮᠡᠭᠲᠡᠶᠢᠴᠦᠳ ᠪᠡ ᠬᠡᠤᠬᠡᠳ ᠤᠨ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ | ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠥᠪᠥᠷ ᠮᠣᠩᠭᠤᠯ ᠤᠨ ᠱᠧᠩ | ᠴᠢᠤᠸᠠᠨ ︵ᠷᠠᠰᠢᠶᠠᠨ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠡᠮᠡᠭᠲᠡᠶᠢᠴᠦᠳ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠳᠡᠭᠡ ᠲᠣᠰᠬᠤᠨ ᠳᠠᠬᠢ ᠠᠶᠠᠯᠠᠯ ᠡᠮᠡᠭᠲᠡᠢ ᠬᠠᠤᠯᠢᠴᠢ | ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠶᠢ ᠰᠠᠶᠢᠳᠣᠷ ᠥᠷᠨᠢᠭᠦᠯᠪᠡ᠃ | ᠲᠠᠶᠢᠯᠤᠮᠵᠢ ᠶᠢᠨ ᠲᠤᠬᠠᠶ ᠶᠢᠨ ᠲᠠᠯᠠᠪᠠᠶ ᠳᠤ᠂ ᠬᠠᠤᠯᠢᠴᠢ ᠠᠴᠠ ᠬᠡᠷᠡᠭ ᠤᠨ ᠵᠢᠱᠢᠶ᠎ᠡ ᠶᠢ ᠵᠠᠳᠠᠯᠬᠤ ᠪᠠᠷ | ᠳᠠᠮᠵᠢᠭᠤᠯᠤᠨ᠂ ︽ᠢᠷᠭᠡᠨ ᠤ ᠬᠠᠤᠯᠢ ᠶᠢᠨ ᠪᠢᠴᠢᠭ︾ ᠤᠨ ᠳᠣᠲᠣᠷ᠎ᠠ᠂ ᠣᠷᠤᠭ ᠭᠡᠷ ᠪᠦᠯᠢ ᠳᠠᠬᠢ ᠡᠷ᠎ᠡ ᠡᠮ᠎ᠡ | ᠬᠤᠶᠠᠭᠤᠯᠠ ᠶᠢᠨ ᠡᠳ᠋ ᠬᠥᠷᠥᠩᠭᠡ ᠢᠶᠠᠨ ᠬᠡᠷᠭᠢᠨ ᠬᠤᠪᠢᠶᠠᠬᠤ᠂ ᠭᠡᠷ ᠪᠦᠯᠢ ᠶᠢᠨ ᠬᠦᠴᠦᠷᠬᠡᠭᠯᠡᠯ ᠳᠤ ᠣᠴᠠᠷᠡᠬᠤ | ᠦᠶᠠᠰ ᠬᠡᠷᠬᠢᠨ ᠡᠷᠬᠡ ᠪᠠᠨ ᠬᠠᠮᠠᠭᠠᠯᠠᠬᠤ᠂ ᠤᠷᠤᠭ ᠰᠠᠯᠵᠤ ᠠᠰᠠᠷᠠᠨ ᠲᠡᠵᠢᠭᠡᠬᠦ ᠡᠷᠬᠡ ᠶᠢᠨ ᠬᠠᠷᠢᠶᠠᠯᠠᠯ ᠵᠡᠷᠭᠡ | ᠠᠰᠠᠭᠤᠳᠠᠯ᠂ ᠡᠳ᠋ ᠬᠥᠷᠥᠩᠭᠡ ᠶᠢᠨ ᠵᠠᠯᠭᠠᠮᠵᠢᠯᠠᠯ᠂ ᠡᠮᠡᠭᠲᠡᠶᠢᠴᠦᠳ ᠪᠡ ᠬᠡᠦᠬᠡᠳ ᠤᠨ ᠡᠷᠬᠡ ᠠᠰᠢᠭ ᠢ ᠬᠠᠮᠠᠭᠠᠯᠠᠬᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠪᠠ᠃ | ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ | ᠰᠠᠭᠤᠭᠠᠯᠢ ᠠᠷᠠᠳ ᠢ ᠲᠠᠶᠢᠴᠢᠯᠡᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ | ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠣᠶᠢᠯᠠᠭᠠᠭᠤᠯᠪᠡ᠃ | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠡᠯᠪᠡᠭ ᠪᠠᠶᠠᠯᠢᠭ ᠪᠣᠳᠠᠲᠤ ᠬᠡᠷᠡᠭᠯᠡᠭᠡᠨ ᠤ ᠬᠠᠤᠯᠢ | ᠴᠠᠭᠠᠵᠠ ᠶᠢᠨ ᠮᠡᠳᠡᠯᠭᠡ ᠶᠢ ᠠᠪᠴᠢᠷᠠᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠲᠤ | ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠠᠭᠤᠭᠠᠯᠢ | ᠠᠷᠠᠳ ᠤᠨ ᠬᠠᠯᠠᠭᠤᠨ ᠬᠦᠷᠢᠶᠡᠯᠡᠯ ᠢ ᠣᠯᠵᠤ᠂ ᠡᠶ᠎ᠡ ᠵᠣᠬᠢᠴᠠᠯ ᠲᠠᠢ᠂ ᠬᠠᠤᠯᠢ ᠪᠠᠷ ᠵᠠᠰᠠᠬᠤ ᠨᠡᠶᠢᠭᠡᠮ ᠲᠣᠭᠤᠷᠢᠭ ᠢ | ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |