ᠰᠢᠨ ᠴᠧᠩ ᠵᠡᠭᠡᠯᠢ ᠬᠥᠮᠦᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ ᠪᠠᠶᠢᠴᠠᠭᠠᠬᠤ ᠠᠵᠢᠯ ᠢ  ᠰᠠᠶᠢᠳᠣᠷ ᠶᠠᠪᠣᠬᠳᠡᠭᠤᠯᠵᠡᠢ
ᠨᠡᠶᠢᠲᠡᠯᠡᠭᠰᠡᠨ ᠴᠠᠭ᠄
2024/11/8
     2024 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠥᠯᠢᠭᠡᠷ ᠠᠪᠴᠤ ᠪᠠᠶᠢᠴᠠᠭᠠᠬᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠣᠰᠣᠭᠠᠷ᠂ ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠤᠨ ᠪᠠᠶᠢᠴᠠᠭᠠᠯᠲᠠ ᠶᠢᠨ ᠠᠵᠢᠯᠲᠠᠨ ᠬᠥᠮᠦᠨ ᠠᠮᠠ ᠶᠢᠨ ᠬᠤᠪᠢᠷᠠᠯᠲᠠ ᠶᠢᠨ ᠥᠯᠢᠭᠡᠷ ᠠᠪᠬᠤ ᠠᠵᠢᠯ ᠢ ᠥᠷᠨᠢᠭᠦᠯᠪᠡ᠃    ᠪᠠᠶᠢᠴᠠᠭᠠᠯᠲᠠ ᠶᠢᠨ ᠳᠤᠮᠳᠠ᠂ ᠰᠧᠨᠸᠠᠩ ᠨᠡᠶᠢᠭᠡᠮ ᠲᠣᠭᠤᠷᠢᠭ ᠤᠨ ᠪᠠᠶᠢᠴᠠᠭᠠᠭᠴᠢ ᠠᠴᠠ ᠠᠵᠢᠯ ᠤᠨ ᠦᠨᠡᠮᠯᠡᠯ  ᠢᠶᠠᠨ ᠵᠡᠭᠦᠵᠦ᠂  ᠰᠠᠭᠤᠭ᠎ᠠ ᠠᠷᠡᠳ ᠤᠨ ᠨᠠᠰᠤ ᠵᠢᠯ᠂ ᠴᠢᠨᠠᠷ ᠤᠨ ᠢᠯᠭᠠᠯ᠂ ᠠᠵᠢᠯ ᠮᠡᠷᠭᠡᠵᠢᠯ᠂ ᠰᠤᠷᠭᠠᠨ ᠬᠥᠮᠦᠵᠢᠯ ᠤᠨ ᠬᠡᠮᠵᠢᠶ᠎ᠡ ᠵᠡᠷᠭᠡ ᠮᠡᠳᠡᠭᠡ ᠵᠠᠩᠭᠢ ᠶᠢ ᠳᠠᠩᠰᠠᠯᠠᠪᠠ᠃ ᠥᠯᠢᠭᠡᠷ ᠠᠪᠬᠤ ᠠᠵᠢᠯᠯᠠᠭ᠎ᠠ ᠪᠠᠷ ᠳᠠᠮᠵᠢᠭᠤᠯᠤᠨ ᠂ ᠬᠠᠷᠢᠶ᠎ᠠ ᠣᠷᠣᠨ ᠤ ᠬᠥᠮᠦᠨ ᠠᠮᠠ ᠶᠢᠨ ᠪᠦᠲᠦᠴᠡ᠂ ᠬᠥᠳᠡᠯᠮᠦᠷᠢ ᠬᠦᠴᠦᠨ ᠤ ᠡᠬᠢ ᠪᠠᠶᠠᠯᠢᠭ᠂ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠵᠡᠷᠭᠡ ᠪᠠᠶᠢᠳᠠᠯ ᠢ ᠨᠠᠩ ᠲᠣᠳᠣᠷᠬᠠᠶ ᠣᠶᠢᠯᠠᠭᠠᠵᠤ᠂ ᠵᠠᠰᠠᠭ ᠤᠨ ᠣᠷᠳᠣᠨ ᠠᠴᠠ ᠨᠠᠩ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠲᠣᠭᠲᠠᠭᠠᠬᠤ ᠳᠤ ᠬᠦᠴᠦᠲᠡᠶ ᠳᠡᠮᠵᠢᠯᠭᠡ ᠬᠠᠩᠭᠠᠵᠡᠢ᠃    ᠳᠠᠷᠠᠭᠠᠴᠢ ᠪᠠᠷ᠂ ᠰᠧᠨᠸᠠᠩ ᠨᠡᠶᠢᠭᠡᠮ ᠲᠣᠭᠤᠷᠢᠭ ︽ᠡᠷᠦᠬᠡ ᠶᠢ ᠣᠷᠬᠢᠭᠳᠠᠭᠤᠯᠬᠤ ᠦᠭᠡᠢ᠂ ᠬᠥᠮᠦᠨ ᠢ ᠬᠤᠴᠣᠷᠡᠭᠤᠯᠬᠤ ᠦᠭᠡᠢ︾ ᠠᠵᠢᠯ ᠤᠨ ᠵᠠᠷᠴᠢᠮ ᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠦᠬᠦᠢ ᠠᠵᠢᠯ ᠤᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ 11  ᠰᠠᠷ᠎ᠠ ᠶᠢᠨ ᠵᠢᠩᠬᠢᠨᠢ ᠪᠠᠷ ᠳᠠᠩᠰᠠᠯᠠᠬᠤ ᠱᠠᠲᠤᠨ ᠤ ᠠᠵᠢᠯ ᠢ ᠦᠨᠡᠨ ᠬᠦ ᠰᠠᠶᠢᠲᠤᠷ ᠬᠢᠵᠦ᠂ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠷᠠᠰᠢᠶᠠᠨ ᠤ ᠷᠢᠳᠢ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号