ᠪᠥᠬᠦ ᠪᠠᠯᠭᠠᠰᠤᠨ ᠤ ᠣᠶ ᠰᠢᠭᠤᠶ ᠶᠢᠨ ᠡᠬᠢ ᠪᠠᠶᠠᠯᠢᠭ ᠢ ᠦᠨᠡᠨ ᠬᠦ ᠪᠦᠲᠦᠮᠵᠢᠲᠡᠶ ᠬᠠᠮᠢᠶᠠᠷᠤᠨ ᠬᠠᠮᠠᠭᠠᠯᠠᠵᠤ᠂ | ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠬᠠᠮᠢᠶᠠᠷᠤᠨ ᠬᠠᠮᠠᠭᠠᠯᠠᠬᠤ ᠬᠢᠷᠢ ᠲᠦᠪᠰᠢᠨ ᠬᠢᠭᠡᠳ ᠡᠭᠦᠷᠭᠡ | ᠲᠤᠰᠢᠶᠠᠯ ᠢᠶᠠᠨ ᠭᠬᠦ᠋ᠢᠴᠡᠳᠬᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ | 6 ᠤ ᠡᠳᠦᠷ᠂ ᠷᠠᠰᠢᠶᠠᠨ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠲᠢᠶᠠᠨ ᡂᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠪᠦᠬᠦ ᠪᠠᠯᠭᠠᠰᠤᠨ ᠤ ᠠᠮᠢ ᠠᠬᠤᠢ ᠶᠢᠨ ᠤᠢ ᠰᠢᠭᠤᠢ ᠶᠢᠨ | ᠬᠠᠮᠠᠭᠠᠯᠠᠭᠴᠢ ᠶᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠤᠢ ᠰᠢᠭᠤᠢ ᠶᠢᠨ ᠬᠠᠮᠠᠭᠠᠯᠠᠭᠴᠢ ᠶᠢᠨ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠭᠤᠤᠯᠳᠠᠭᠤ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ | ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠲᠦᠷᠢᠮ ᠤᠨ ᠲᠣᠭᠤᠷᠢᠨ ᠳᠤ ᠭᠦᠨᠵᠡᠭᠡᠶ ᠲᠠᠶᠢᠯᠤᠮᠵᠢ | ᠬᠢᠵᠦ᠂ APP ᠢᠶᠠᠷ ᠠᠵᠢᠯᠯᠠᠭᠤᠯᠬᠤ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ᠂ ᠡᠪᠡᠳᠴᠢᠨ | ᠬᠤᠷᠣᠬᠠᠶ ᠶᠢᠨ ᠬᠥᠨᠥᠭᠡᠯ ᠢ ᠤᠷᠢᠳᠴᠢᠯᠠᠨ ᠰᠡᠷᠡᠮᠵᠢᠯᠡᠭᠦᠯᠬᠦ᠂ ᠣᠶ ᠰᠢᠭᠤᠶ ᠶᠢᠨ ᠬᠠᠮᠠᠭᠠᠯᠠᠭᠴᠢ ᠶᠢᠨ ᠠᠵᠢᠯ ᠤᠨ | ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶ ᠣᠶᠢᠯᠠᠭᠠᠭᠤᠯᠵᠤ᠂ ᠣᠶ ᠰᠢᠭᠤᠶ ᠶᠢ ᠬᠠᠮᠠᠭᠠᠯᠠᠬᠤ ᠦᠵᠡᠯ ᠤᠬᠠᠮᠰᠠᠷ ᠢ | ᠴᠢᠩᠭᠠᠷᠠᠭᠤᠯᠤᠭᠰᠠᠨ ᠪᠥᠭᠡᠳ ᠡᠳᠦᠷ ᠲᠤᠲᠤᠮ ᠤᠨ ᠠᠵᠢᠯ ᠤᠨ ᠳᠤᠮᠳᠠᠬᠢ ᠪᠠᠶᠢᠩᠭᠤ ᠲᠣᠬᠢᠶᠠᠯᠳᠤᠳᠠᠭ ᠠᠰᠠᠭᠤᠳᠠᠯ | ᠪᠠ ᠣᠶ ᠰᠢᠭᠤᠶ ᠬᠠᠮᠠᠭᠠᠯᠠᠭᠴᠢ ᠶᠢᠨ ᠰᠢᠰᠲ᠋ᠧᠮ ᠤᠨ ᠠᠵᠢᠯᠯᠠᠭᠠᠨ ᠤ ᠲᠠᠯ᠎ᠠ ᠪᠠᠷ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ ᠥᠭᠪᠡ᠃ | ᠬᠤᠷᠠᠯ ᠤᠨ ᠳᠠᠷᠠᠭ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ ᠲᠤᠬᠠᠶ ᠶᠢᠨ | ᠲᠠᠯᠠᠪᠠᠶ ᠳᠤ ᠲᠢᠶᠠᠨ ᡂᠢ ᠪᠠᠯᠭᠠᠰᠤᠨ ᠤ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠳᠤ ᠲᠣᠭᠤᠷᠢᠨ ᠬᠠᠮᠠᠭᠠᠯᠠᠬᠤ | ᠬᠤᠪᠴᠠᠰᠤ ᠬᠠᠩᠭᠠᠵᠤ᠂ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠠᠵᠢᠯ ᠤᠨ ᠳᠦᠷᠢ ᠲᠥᠷᠬᠦ ᠶᠢ | ᠨᠢᠭᠡᠳᠦᠯᠲᠡᠶ ᠵᠢᠷᠤᠮᠵᠢᠭᠤᠯᠤᠭᠰᠠᠨ ᠪᠥᠭᠡᠳ ᠪᠠᠰᠠ ᠠᠮᠢ ᠠᠬᠤᠶ ᠶᠢᠨ ᠣᠶ ᠰᠢᠭᠤᠶ ᠶᠢᠨ ᠬᠠᠮᠠᠭᠠᠯᠠᠭᠴᠢ ᠶᠢᠨ | ᠠᠵᠢᠯ ᠤᠨ ᠢᠳᠡᠪᠬᠢᠵᠢᠯ ᠪᠠ ᠢᠲᠡᠭᠡᠯ ᠵᠣᠷᠢᠭ ᠢ ᠬᠥᠪᠴᠢᠯᠡᠨ᠂ ᠠᠮᠢ ᠠᠬᠤᠶ ᠶᠢᠨ ᠣᠶ ᠰᠢᠭᠤᠶ ᠶᠢᠨ | ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠤ ᠬᠦᠴᠦᠨ ᠨᠡᠮᠡᠷᠢᠯᠡᠵᠦ᠂ ᠲᠢᠶᠠᠨ ᡂᠢ | ᠪᠠᠯᠭᠠᠰᠤᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠪᠠ᠃ |