ᠷᠠᠰᠢᠶᠠᠨ ᠬᠤᠲᠠ ᠶᠢᠨ ᠨᠢᠭᠦᠯᠡᠰᠦᠩᠭᠦᠢ ᠦᠢᠯᠡᠰ ᠤᠨ ᠨᠡᠶᠢᠭᠡᠮᠯᠢᠭ ᠰᠤᠷᠤᠯᠭ᠎ᠠ ᠲᠡᠳᠬᠦᠬᠦ ᠠᠵᠢᠯᠯᠠᠭ᠎ᠠ ᠶᠢᠨ ᠲᠣᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2024/11/8
    ᠷᠠᠰᠢᠶᠠᠨ ᠬᠤᠲᠠ ᠶᠢᠨ ᠨᠢᠭᠦᠯᠡᠰᠦᠩᠭᠦᠢ ᠦᠢᠯᠡᠰ ᠤᠨ ᠨᠡᠶᠢᠭᠡᠮᠯᠢᠭ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠨᠡᠶᠢᠭᠡᠮᠯᠢᠭ ᠠᠴᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠵᠠᠰᠠᠭ ᠤᠨ ᠣᠷᠳᠣᠨ ᠤ ᠠᠪᠤᠷᠠᠨ ᠲᠤᠰᠠᠯᠠᠯᠲᠠ ᠪᠣᠯᠤᠨ ᠨᠢᠭᠦᠯᠡᠰᠦᠩᠭᠦᠶ ᠶᠢᠨ ᠬᠠᠪᠰᠤᠷᠤᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠲᠤᠷᠰᠢᠯᠲᠠ ᠶᠢᠨ ᠲᠥᠷᠥᠯ ᠵᠦᠢᠯ︾ ᠢᠶᠠᠷ ᠭᠤᠣᠯ ᠰᠡᠳᠦᠪ ᠪᠣᠯᠭᠠᠭᠰᠠᠨ ᠰᠤᠷᠤᠯᠭ᠎ᠠ ᠲᠡᠳᠬᠦᠬᠦ ᠠᠵᠢᠯᠯᠠᠭ᠎ᠠ ᠶᠢ ᠥᠷᠨᠢᠭᠦᠯᠵᠦ ᠂ ᠷᠡᠰᠢᠶᠠᠨ ᠬᠤᠲᠠ ᠶᠢᠨ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠰᠤᠷᠤᠭᠴᠢᠳ ᠤᠨ ᠭᠡᠷ ᠪᠦᠯᠢ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃ ᠣᠶᠢᠷ᠎ᠡ ᠳᠤ᠂ ᠷᠠᠰᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠮᠦ ᠯᠢ ᠵᠢᠶᠦ᠋ᠨ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠭᠦᠸᠧ ᠴᠧᠩ᠂ ᠷᠠᠰᠢᠶᠠᠨ ᠬᠤᠲᠠ ᠶᠢᠨ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ ᠶᠢᠨ ᠵᠧᠨ ᠵᠢᠴᠢ ᠬᠠᠮᠢᠶ᠎ᠠ ᠪᠦᠬᠦᠢ ᠠᠵᠢᠯᠲᠠᠨ ᠰᠤᠷᠤᠯᠭ᠎ᠠ ᠲᠡᠳᠬᠦᠬᠦ ᠳᠤᠭᠤᠶᠢᠯᠠᠩ ᠢ ᠪᠠᠶᠢᠭᠤᠯᠵᠤ᠂ ᠡᠷᠦᠬᠡ ᠪᠠᠷ ᠬᠦᠷᠴᠣ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠶ 10 ᠰᠣᠷᠣᠭᠴᠢ ᠶᠢᠨ ᠬᠡᠷ ᠪᠦᠯᠢ ᠶᠢ ᠰᠤᠷᠪᠤᠯᠵᠢᠯᠠᠭᠰᠠᠨ ᠪᠥᠭᠡᠳ ᠲᠡᠳᠡᠨ ᠳᠤ 5 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠦᠷᠭᠡᠭᠰᠡᠨ ᠪᠠᠶᠢᠨ᠎ᠠ᠃    ᠰᠤᠷᠤᠯᠭ᠎ᠠ ᠲᠡᠳᠬᠦᠬᠦ ᠳᠤᠭᠤᠶᠢᠯᠠᠩ ᠤᠨ ᠪᠦᠷᠢᠯᠳᠦᠬᠦᠨ ᠨᠡᠷ ᠬᠦᠴᠢᠷᠳᠡᠯᠲᠡᠶ ᠰᠤᠷᠤᠭᠴᠢᠳ ᠤᠨ ᠭᠡᠷ ᠪᠦᠯᠢ ᠶᠢᠨ ᠪᠠᠶᠢᠳᠠᠯ ᠪᠣᠯᠤᠨ ᠰᠤᠷᠤᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠢ ᠪᠠᠶᠠᠰᠤᠩᠭᠤᠶ ᠥᠭᠡᠳᠡᠷᠬᠡᠭ ᠰᠡᠳᠬᠢᠴᠡ  ᠪᠡ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠯᠡᠭᠦᠬᠡᠨ ᠠᠩᠬᠠᠷᠴᠤ᠂ ᠬᠡᠤᠬᠡᠳ ᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠯᠡᠭᠦᠬᠡᠨ ᠣᠶᠢᠯᠠᠭᠠᠬᠤ ᠶᠢ ᠰᠠᠨᠠᠭᠤᠯᠬᠤ ᠶᠢᠨ ᠬᠠᠮᠲᠤ ᠲᠡᠭᠦᠨ ᠳᠤ ︽ᠵᠠᠰᠠᠭ ᠤᠨ ᠣᠷᠳᠣᠨ ᠤ ᠠᠪᠤᠷᠠᠨ ᠲᠤᠰᠠᠯᠠᠯᠲᠠ ᠪᠣᠯᠤᠨ ᠨᠢᠭᠦᠯᠡᠰᠦᠩᠭᠦᠶ ᠶᠢᠨ ᠬᠠᠪᠰᠤᠷᠤᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠲᠤᠷᠰᠢᠯᠲᠠ ᠶᠢᠨ ᠲᠥᠷᠥᠯ ᠵᠦᠢᠯ︾ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠠᠷᠳᠡᠭᠤᠯᠵᠣ᠂ ᠬᠦᠰᠡᠯᠡᠩ ᠲᠠᠢ ᠪᠠᠶᠢᠵᠣ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠲᠡᠮᠡᠴᠡᠬᠦ ᠵᠣᠷᠢᠭ ᠰᠠᠨᠠᠭ᠎ᠠ ᠪᠠᠷ ᠬᠢᠯᠪᠠᠷ ᠪᠤᠰᠤ ᠪᠠᠷ ᠣᠯᠤᠭᠰᠠᠨ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠶᠢ ᠬᠠᠷᠢᠭᠤᠯᠬᠤ ᠪᠠᠷ ᠴᠢᠷᠮᠠᠶᠢᠬᠤ ᠶᠢ ᠰᠠᠨᠠᠭᠤᠯᠪᠡ᠃ ᠰᠤᠷᠤᠯᠭ᠎ᠠ ᠶᠢᠨ ᠲᠡᠳᠬᠦᠮᠵᠢ ᠮᠥᠩᠭᠦ ᠭᠥᠷᠳᠡᠭᠰᠡᠨ ᠭᠡᠷ ᠪᠦᠯᠢ ᠨᠢᠭᠡᠪᠦᠷᠢ ᠴᠥᠮ ᠨᠡᠶᠢᠭᠡᠮᠯᠢᠭ ᠨᠠᠶᠢᠳᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠠ᠃    ᠲᠠᠷᠠᠭᠠᠴᠢ ᠶᠢᠨ ᠠᠯᠬᠤᠮ ᠳᠤ᠂ ᠷᠠᠰᠢᠶᠠᠨ ᠬᠤᠲᠠ ᠶᠢᠨ ᠨᠢᠭᠦᠯᠡᠰᠦᠩᠭᠦᠶ ᠦᠢᠯᠡᠰ ᠤᠨ ᠨᠡᠶᠢᠭᠡᠮᠯᠢᠭ ᠨᠢ ᠬᠦᠴᠢᠷᠳᠡᠯᠲᠡᠶ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠵᠠᠰᠠᠭ ᠤᠨ ᠣᠷᠳᠣᠨ ᠤ ᠠᠪᠤᠷᠠᠨ ᠲᠤᠰᠠᠯᠠᠯᠲᠠ ᠪᠣᠯᠤᠨ ᠨᠢᠭᠦᠯᠡᠰᠦᠩᠭᠦᠶ ᠶᠢᠨ ᠬᠠᠪᠰᠤᠷᠤᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠲᠤᠷᠰᠢᠯᠲᠠ ᠶᠢᠨ ᠲᠥᠷᠥᠯ ᠵᠦᠢᠯ︾ ᠤᠨ ᠣᠶᠢᠯᠡᠳᠣᠯ ᠢ ᠪᠠᠳᠠᠷᠠᠭᠤᠯᠵᠤ᠂ ᠷᠠᠰᠢᠶᠠᠨ ᠤ ᠨᠢᠭᠦᠯᠡᠰᠦᠩᠭᠦᠶ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠨᠡᠶᠢᠭᠡᠮᠯᠢᠭ ᠤᠨ ᠬᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠨᠡᠩ ᠤᠯᠠᠨ ᠠᠰᠢᠭᠲᠠᠢ ᠨᠢᠭᠦᠯᠡᠰᠦᠩᠭᠦᠢ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠷᠠᠰᠢᠶᠠᠨ ᠬᠤᠲᠠ ᠶᠢᠨ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号