ᠬᠢᠯᠢ ᠠᠯᠤᠰᠯᠠᠭᠰᠠᠨ ᠵᠢᠭᠤᠯᠴᠢᠯᠠᠯ ᠤᠨ ᠣᠶᠢᠯᠡᠰ ᠬᠦᠭᠵᠢᠯᠳᠡ ᠲᠠᠢ ᠪᠠᠶᠢᠭ᠎ᠠ ᠷᠡᠰᠢᠶᠠᠨ ᠪᠣᠭᠤᠮᠳᠡ ᠶᠢᠨ ᠲᠣᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2024/11/8
    ᠦᠷᠬᠡᠨ ᠠᠭᠤᠳᠠᠮ ᠤᠮᠠᠷᠠᠳᠤ ᠬᠢᠯᠢ ᠳᠤ᠂ ᠮᠠᠨ ᠤ ᠠᠶᠢᠮᠠᠭ ᠤᠨ ︽ᠤᠮᠠᠷᠠᠰᠢ ᠨᠡᠬᠡᠬᠡᠯᠳᠡ ᠬᠢᠬᠦ︾ ᠬᠦᠬᠦᠷᠬᠡ ᠶᠢᠨ ᠪᠠᠬᠢᠯᠠᠯᠳᠠ ᠶᠠᠭ  ᠰᠠᠶ᠋ᠢᠬᠠᠨ ᠬᠦᠭᠵᠢᠨ ᠮᠠᠨᠳᠤᠵᠤ ᠪᠠᠶᠢᠨ᠎ᠠ᠃ ᠷᠠᠰᠢᠶᠠᠨ ᠪᠤᠭᠤᠮᠳᠠ ᠨᠢ ᠮᠠᠨ ᠤ ᠤᠯᠤᠰ ᠤᠨ ᠤᠮᠠᠷᠠᠳᠤ ᠬᠢᠯᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠡᠮᠤᠨ᠎ᠡ ᠹᠷᠣᠨᠲ ᠪᠤᠯᠤᠬᠰᠠᠨ ᠤ ᠬᠤᠪᠢ ᠳᠤ᠂ ᠤᠳᠤ ᠶᠠᠭ ᠡᠳᠦᠷ ᠢᠷᠡᠬᠦᠶ᠎ᠡ ᠬᠢᠯᠢ ᠠᠯᠤᠰᠯᠠᠨ ᠨᠡᠬᠡᠬᠡᠯᠳᠡ ᠬᠢᠬᠦ ᠰᠢᠨ᠎ᠠ ᠦᠨᠳᠦᠷᠯᠢᠭ ᠪᠤᠯᠵᠤ ᠪᠠᠶᠢᠨ᠎ᠠ᠃ ᠡᠨᠡ ᠵᠢᠯ ᠤᠨ 4 ᠰᠠᠷ᠎ᠠ ᠳᠤ ᠪᠦᠬᠦ ᠲᠠᠯ᠎ᠠ ᠪᠠᠷ ᠪᠣᠭᠤᠮᠲᠠ ᠨᠡᠪᠲᠡᠷᠡᠭᠰᠡᠨ ᠠᠴᠠ ᠨᠠᠰᠢ᠂ ᠷᠠᠰᠢᠶᠠᠨ ᠪᠣᠭᠤᠮᠲᠠ ᠨᠢ ᠤᠷᠢᠳ ᠡᠮᠦᠨ᠎ᠡ ᠪᠠᠶᠢᠭ᠎ᠠ ᠦᠭᠡᠢ ᠬᠢᠯᠢ ᠪᠠᠷ ᠣᠷᠣᠵᠤ ᠭᠠᠷᠬᠤ ᠬᠥᠮᠦᠨ ᠤ ᠤᠷᠤᠰᠬᠠᠯ ᠤᠨ ᠣᠷᠭᠢᠯ ᠢ ᠤᠭᠲᠤᠨ ᠠᠪᠴᠢᠷᠠᠵᠤ᠂ ᠣᠳᠣ ᠪᠣᠯᠲᠠᠯ᠎ᠠ᠂ ᠬᠢᠯᠢ ᠪᠠᠷ ᠣᠷᠣᠵᠤ ᠭᠠᠷᠬᠤ ᠬᠥᠮᠦᠨ ᠤ ᠲᠤᠭ᠎ᠠ 1012 ᠬᠥᠮᠦᠨ ︵ᠤᠳᠠᠭ᠎ᠠ︶  ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 872.04% ᠪᠠᠷ ᠨᠡᠮᠡᠭᠳᠡᠵᠡᠢ︔ ᠬᠢᠯᠢ ᠠᠯᠤᠰᠯᠠᠭᠰᠠᠨ ᠮᠠᠰᠢᠨ ᠲᠡᠷᠭᠡᠨ ᠤ ᠶᠡᠷᠦᠩᠬᠡᠶ ᠲᠤᠭ᠎ᠠ ᠴᠦ ᠨᠡᠮᠡᠭᠳᠡᠭᠡᠳ 1,054 ᠤᠳᠠᠭ᠎ᠠ ᠪᠣᠯᠵᠤ᠂ ᠠᠳᠠᠯᠢ ᠬᠤᠭᠤᠴᠠᠭᠠᠨ ᠤ ᠬᠢ ᠠᠴᠠ 249.01 % ᠪᠠᠷ ᠨᠡᠮᠡᠭᠳᠡᠪᠡ᠃ ᠡᠨᠡ ᠬᠦ ᠬᠢᠯᠡᠰ ᠲᠤᠭ᠎ᠠ ᠪᠠᠷᠢᠮᠲᠠ ᠨᠢ ᠷᠠᠰᠢᠶᠠᠨ ᠪᠣᠭᠤᠮᠲᠠ ᠶᠢᠨ ᠣᠯᠠᠨ ᠤᠯᠤᠰ ᠤᠨ ᠰᠣᠯᠢᠯᠴᠠᠭᠠᠨ ᠤ ᠡᠭᠦᠳᠡ ᠪᠣᠯᠬᠤ ᠴᠢᠬᠤᠯᠠ ᠪᠠᠶᠢᠷᠢ ᠰᠠᠭᠤᠷᠢ ᠶᠢ ᠬᠦᠢᠴᠡᠳ ᠭᠡᠷᠡᠴᠢᠯᠡᠵᠦ᠂ ᠲᠡᠭᠦᠨ ᠤ ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠬᠦᠴᠦᠨ ᠢ ᠢᠯᠡᠷᠡᠭᠦᠯᠪᠡ᠃    ᠷᠠᠰᠢᠶᠠᠨ ᠪᠣᠭᠤᠮᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠴᠣᠷ ᠤᠨ ᠭᠠᠭᠴᠠ ᠨᠡᠭᠡᠭᠡᠯᠲᠡᠲᠦ ᠴᠢᠨᠠᠷᠲᠠᠶ ᠪᠣᠭᠤᠮᠲᠠ ᠪᠣᠯᠤᠭᠰᠠᠨ ᠤ ᠬᠤᠪᠢ ᠳᠤ᠂ ᠥᠪᠡᠷᠮᠢᠴᠡ ᠭᠠᠵᠠᠷ ᠵᠦᠶ ᠶᠢᠨ ᠪᠠᠶᠢᠷᠢᠯᠠᠯ᠂ ᠡᠷᠬᠢᠨ ᠲᠣᠭᠤᠷᠢᠨ ᠤ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ ᠡᠯᠪᠡᠭ ᠪᠠᠶᠠᠯᠢᠭ ᠰᠣᠶᠣᠯ ᠤᠨ ᠥᠪ ᠲᠤ ᠲᠦᠰᠢᠭᠯᠡᠨ᠂ ᠨᠢᠭᠡᠨᠲᠡ ᠵᠢᠭᠤᠯᠴᠢᠯᠠᠯ ᠤᠨ ᠠᠵᠤ ᠦᠢᠯᠡᠰ ᠤᠨ ᠳᠤᠮᠳᠠᠬᠢ ᠭᠡᠷᠡᠯᠲᠦ ᠰᠤᠪᠤᠳ ᠪᠣᠯᠤᠭᠰᠠᠨ ᠪᠠᠶᠢᠨ᠎ᠠ᠃ ᠮᠠᠰᠢ ᠣᠯᠠᠨ ᠵᠢᠭᠤᠯᠴᠢᠯᠠᠭᠰᠠᠳ ᠡᠨᠡ ᠬᠦ ᠭᠠᠵᠠᠷ ᠰᠢᠷᠣᠶ ᠶᠢᠨ ᠨᠢᠭᠤᠴᠠ ᠶᠢ ᠬᠠᠶᠢᠨ ᠰᠦᠪᠡᠭᠴᠢᠯᠡᠭᠰᠡᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠲᠤ ᠡᠯᠪᠡᠭ ᠪᠠᠶᠠᠯᠢᠭ ᠬᠤᠳᠠᠯᠳᠤᠭᠠᠨ ᠤ ᠠᠵᠠ ᠲᠣᠬᠢᠶᠠᠯ ᠠᠪᠴᠢᠷᠠᠭᠰᠠᠨ ᠪᠠᠶᠢᠨ᠎ᠠ᠃ ᠡᠭᠦᠨ ᠤ ᠬᠠᠮᠲᠤ᠂ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ︽ᠬᠥᠮᠦᠨ ᠢᠶᠠᠷ ᠦᠨᠳᠦᠰᠦ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ︾ ᠶᠢ ᠪᠠᠷᠢᠮᠲᠠᠯᠠᠵᠤ᠂ ᠦᠢᠯᠡᠴᠢᠯᠡᠭᠡᠨ ᠤ ᠬᠡᠯᠬᠢᠶ᠎ᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠠᠯᠤᠰᠯᠠᠭᠰᠠᠨ ᠬᠠᠷᠰᠢ ᠰᠠᠭᠠᠳ ᠥᠬᠡᠶ ᠵᠢᠭᠤᠯᠴᠢᠯᠠᠯ ᠢ ᠪᠣᠶ ᠪᠣᠯᠭᠠᠵᠤ᠂ ᠠᠶᠠᠨᠴᠢᠳ ᠨᠢᠭᠡᠪᠦᠷᠢ ᠴᠥᠮ ᠵᠠᠪᠰᠠᠷ ᠥᠬᠡᠶ ᠵᠣᠯᠭᠠᠭᠤᠯᠳᠡ ᠶᠢᠨ ᠤᠯᠤᠰ ᠠᠯᠤᠰᠯᠠᠭᠰᠠᠨ ᠪᠠᠶᠠᠴᠢᠯᠡᠨ ᠣᠶᠢᠯᠠᠭᠠᠯᠲᠠ ᠶᠢ ᠭᠥᠷᠳᠡᠬᠦ ᠶᠢ ᠦᠨᠡᠨ ᠬᠦ ᠪᠠᠲᠤᠯᠠᠵᠤ᠂ ᠤᠳᠠᠭ᠎ᠠ ᠪᠦᠷᠢ ᠶᠢᠨ ᠳᠠᠪᠠᠯᠲᠠ ᠶᠢ ᠪᠠᠶᠠᠯᠠᠬᠦᠯᠬᠦ ᠨᠢ ᠰᠡᠳᠬᠢᠯ ᠵᠢᠷᠦᠬᠡ ᠶᠢᠨ ᠬᠤᠯᠪᠣᠭᠠᠰᠤ ᠪᠣᠯᠭᠠᠵᠤ᠂ ᠨᠠᠷᠢᠨ ᠵᠦᠢᠯᠡᠰ ᠨᠢᠭᠡᠪᠦᠷᠢ ᠳᠤ ᠨᠢ ᠷᠠᠰᠢᠶᠠᠨ ᠤ ᠬᠠᠯᠠᠭᠤᠨ ᠰᠡᠳᠬᠢᠯᠭᠡ ᠪᠠ ᠲᠤᠰᠬᠠᠶ ᠮᠡᠷᠭᠡᠵᠢᠯ ᠢ ᠢᠯᠡᠷᠡᠭᠦᠯᠦᠭᠰᠡᠨ ᠪᠠᠶᠢᠨ᠎ᠠ᠃    ᠷᠠᠰᠢᠶᠠᠨ ᠪᠣᠭᠤᠮᠲᠠ ᠪᠣᠯ ᠬᠢᠯᠢ ᠪᠠᠷ ᠥᠩᠭᠡᠷᠡᠬᠦ ᠴᠡᠭ ᠪᠣᠯᠬᠤ ᠪᠠᠷ ᠪᠠᠷᠠᠬᠤ ᠥᠬᠡᠶ᠂ ᠨᠠᠩ ᠴᠤ ᠳᠡᠯᠡᠬᠡᠶ ᠳ᠋ᠠᠬᠢᠨ ᠢ ᠬᠤᠯᠪᠣᠭᠰᠠᠨ ᠴᠣᠩᠬᠤ᠂ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠭᠦᠯᠵᠣ᠂ ᠨᠥᠬᠦᠷᠯᠡᠯ ᠢ ᠠᠬᠢᠭᠤᠯᠬᠤ ᠬᠥᠭᠦᠷᠭᠡ ᠮᠥᠨ᠃  ᠡ᠊ᠨᠳᠡ ᠤᠳᠠᠭ᠎ᠠ ᠪᠦᠷᠢ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠠᠴᠢᠶᠠᠯᠠᠵᠤ᠂ ᠠᠯᠬᠤᠮ ᠪᠦᠷᠢ ᠶᠢᠨ ᠤᠷᠤᠭᠰᠢᠯᠠᠯᠲᠠ ᠴᠥᠮ ᠨᠡᠭᠡᠭᠡᠯᠲᠡ ᠪᠠ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠣ ᠪᠠᠶᠢᠨ᠎ᠠ᠃ ᠷᠠᠰᠢᠶᠠᠨ ᠪᠣᠭᠤᠮᠲᠠ ᠨᠢᠭᠡᠨᠲᠡ ᠵᠡᠭᠦᠨ ᠪᠠᠷᠠᠭᠤᠨ ᠣᠷᠣᠨ ᠤ ᠰᠣᠯᠢᠯᠴᠠᠭᠠᠨ ᠤ ᠴᠢᠬᠤᠯᠠ ᠬᠥᠭᠦᠷᠭᠡ ᠪᠣᠯᠵᠤ᠂ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠪᠣᠯᠤᠨ ᠠᠵᠤ ᠠᠬᠤᠢ ᠶᠢᠨ ᠦᠷ᠎ᠡ ᠠᠰᠢᠭ ᠤᠨ ᠳᠠᠪᠬᠤᠷ ᠬᠤᠷᠢᠶᠠᠯᠲᠠ ᠶᠢ ᠪᠡᠶᠡᠯᠡᠭᠦᠯᠵᠦ᠂ ᠬᠢᠯᠢ ᠶᠢᠨ ᠠᠵᠤ ᠠᠬᠤᠢ ᠶᠢᠨ ᠪᠦᠰᠡ ᠶᠢᠨ ᠴᠡᠴᠡᠭᠯᠡᠨ ᠬᠥᠭᠵᠢᠬᠦ ᠶᠢ ᠪᠦᠲᠦᠮᠵᠢᠲᠡᠢ ᠠᠬᠢᠭᠤᠯᠪᠠ᠃    ᠳᠠᠷᠠᠭᠠᠴᠢ ᠶᠢᠨ ᠠᠯᠬᠤᠮ ᠳᠤ᠂ ᠷᠠᠰᠢᠶᠠᠨ ᠪᠣᠭᠤᠮᠲᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠲᠠᠢ ᠠᠵᠤ ᠠᠬᠤᠢ ᠶᠢᠨ ᠠᠷᠠᠯᠵᠢᠶ᠎ᠠ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠤᠭᠴᠠᠵᠢᠭᠰᠠᠨ ᠠᠤᠭ᠎ᠠ ᠲᠥᠰᠦᠪ ᠢ ᠬᠠᠮᠲᠤᠪᠠᠷ ᠵᠢᠷᠤᠭᠯᠠᠨ᠂ ᠨᠡᠩ ᠨᠡᠭᠡᠭᠡᠯᠲᠡᠲᠡᠢ᠂ ᠪᠠᠭᠲᠠᠭᠠᠮᠵᠢᠲᠠᠢ ᠬᠢᠯᠢ ᠠᠯᠤᠰᠯᠠᠭᠰᠠᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠨ᠎ᠡ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号