ᠨᠢᠭᠡ᠂ ᠶᠠᠭᠤ ᠶᠢ ᠬᠠᠷᠢᠯᠴᠠᠨ ᠠᠷᠠᠯᠵᠢᠶᠠᠯᠠᠬᠤ ᠲᠠᠸᠠᠷ ᠢ ᠲᠤᠬᠠᠶ ᠶᠢᠨ ᠭᠠᠵᠠᠷ ᠲᠤᠨᠢ ᠪᠣᠳᠡᠳᠡᠢ ᠡᠳ᠋ᠰᠢᠬᠦᠯᠣᠨ | ᠪᠣᠯᠪᠠᠰᠣᠷᠡᠭᠤᠯᠬᠤ ᠭᠡᠳᠡᠭ ᠪᠣᠢ︖ | ᠬᠠᠷᠢᠯᠴᠠᠨ ᠠᠷᠠᠯᠵᠢᠶᠠᠯᠠᠬᠤ ᠲᠠᠸᠠᠷ ᠢ ᠲᠣᠬᠠᠢ ᠶᠢᠨ ᠭᠠᠵᠠᠷ ᠲᠤᠨᠢ ᠪᠣᠳᠡᠳᠡᠢ ᠡᠳ᠋ᠰᠢᠬᠦᠯᠣᠨ ᠪᠣᠯᠪᠠᠰᠣᠷᠡᠭᠤᠯᠬᠤ | ᠭᠡᠳᠡᠭ ᠨᠢ ᠬᠢᠯᠢ ᠬᠢᠵᠠᠭᠠᠷ ᠣᠷᠣᠨ ᠳᠤ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠠᠷᠠᠯᠵᠢᠶ᠎ᠠ ᠪᠠᠷ ᠳᠠᠮᠵᠢᠨ ᠭᠠᠳᠠᠭᠠᠲᠤ ᠠᠴᠠ ᠣᠷᠤᠭᠤᠯᠬᠤ ᠲᠠᠸᠠᠷ ᠢ ︽ᠪᠤᠭᠤᠮᠲᠠ ᠳᠤ ᠣᠷᠤᠭᠤᠯᠵᠤ ᠬᠢᠯᠢ ᠳᠤ ᠦᠯᠦ | ᠣᠷᠤᠭᠤᠯᠬᠤ︾ ᠠᠷᠭ᠎ᠠ ᠮᠠᠶ᠋ᠢᠭ ᠢᠶᠠᠷ ᠠᠩᠬ᠎ᠠ ᠠᠯᠬᠤᠮ ᠪᠣᠶᠣ ᠭᠦᠨᠵᠡᠭᠡᠢ ᠪᠣᠯᠪᠠᠰᠣᠷᠡᠭᠤᠯᠣᠨ ᠡᠳ᠋ᠰᠢᠭᠦᠯᠵᠦ᠂ ᠨᠡᠩ | ᠦᠨᠳᠦᠷ ᠦᠨ᠎ᠡ ᠥᠷᠲᠡᠭ ᠲᠠᠢ ᠦᠢᠯᠡᠳᠬᠦᠨ ᠪᠣᠯᠭᠠᠨ ᠬᠤᠪᠢᠷᠠᠭᠤᠯᠤᠭᠰᠠᠨ ᠤ ᠳᠠᠷᠠᠭ᠎ᠠ ᠳᠠᠬᠢᠨ ᠭᠠᠳᠠᠭᠠᠲᠤ ᠳᠤ | ᠭᠠᠷᠭᠠᠬᠤ ᠪᠣᠶᠣ ᠳᠣᠲᠣᠭᠠᠳᠤ ᠳᠤ ᠪᠣᠷᠤᠯᠠᠭᠤᠯᠬᠤ ᠶᠠᠪᠤᠴᠠ ᠶᠢ ᠬᠡᠯᠡᠵᠣ ᠪᠣᠢ᠃ ᠡᠨᠡ ᠬᠦ ᠵᠠᠭᠪᠤᠷ ᠨᠢ ᠬᠢᠯᠢ ᠬᠢᠵᠠᠭᠠᠷ | ᠣᠷᠣᠨ ᠤ ᠭᠠᠵᠠᠷ ᠵᠦᠶ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠬᠦᠢᠴᠠᠳ ᠠᠰᠢᠭᠯᠠᠵᠤ᠂ ᠠᠵᠤ | ᠣᠶᠢᠯᠡᠰ ᠤᠨ ᠬᠡᠯᠬᠢᠶ᠎ᠡ ᠶᠢ ᠪᠦᠲᠦᠮᠵᠢᠲᠡᠶ ᠤᠷᠲᠤᠳᠬᠠᠵᠤ᠂ ᠣᠶᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠣᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ ᠤᠨ ᠵᠠᠳᠠᠯᠤᠯᠲᠠ | ᠨᠢᠭᠡ ᠳᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ᠂ ᠳᠤᠮᠳᠠᠳᠤ ᠤᠯᠤᠰ ᠶᠠᠭ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ ᠪᠤᠢ᠃ ᠬᠠᠷᠢᠯᠴᠠᠨ | ᠠᠷᠠᠯᠵᠢᠶᠠᠯᠠᠬᠤ ᠲᠠᠸᠠᠷ ᠢ ᠪᠣᠳᠡᠳᠡᠢ ᠡᠳ᠋ᠰᠢᠬᠦᠯᠣᠨ ᠪᠣᠯᠪᠠᠰᠣᠷᠡᠭᠤᠯᠬᠤ ᠪᠣᠯ ᠲᠡᠭᠦᠨ ᠤ ᠳᠣᠲᠣᠷᠠᠬᠢ ᠵᠠᠩᠭᠢᠯᠠᠭ᠎ᠠ ᠶᠢᠨ | ᠭᠤᠭᠴᠤᠭ᠎ᠠ ᠶᠢᠨ ᠨᠢᠭᠡ ᠪᠠᠶᠢᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ | ᠬᠢᠯᠢ ᠬᠢᠵᠠᠭᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ | ᠶᠠᠪᠤᠳᠠᠯ ᠪᠣᠯᠤᠨ᠎ᠠ᠃ | ᠬᠤᠶᠠᠷ ᠲᠤ᠂ ᠣᠷᠣᠨ ᠨᠤᠲᠤᠭ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠨᠢ ᠷᠠᠰᠢᠶᠠᠨ ᠬᠢᠯᠢ ᠶᠢᠨ | ᠬᠤᠲᠠ ᠳᠤ ᠠᠪᠴᠤ ᠬᠡᠯᠡᠪᠡᠯ᠂ ᠬᠠᠷᠢᠯᠴᠠᠨ ᠠᠷᠠᠯᠵᠢᠶᠠᠯᠠᠬᠤ ᠲᠠᠸᠠᠷ ᠢ ᠪᠣᠳᠡᠳᠡᠢ ᠡᠳ᠋ᠰᠢᠬᠦᠯᠣᠨ ᠪᠣᠯᠪᠠᠰᠣᠷᠡᠭᠤᠯᠬᠤ ᠪᠣᠯ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠬᠤ ᠪᠠᠷ | ᠪᠠᠷᠠᠬᠤ ᠦᠭᠡᠢ᠂ ᠪᠠᠰᠠ ᠴᠤ ᠤᠯᠠᠮᠵᠢᠯᠠᠯᠲᠤ ᠬᠢᠯᠢ ᠶᠢᠨ ᠠᠷᠠᠯᠵᠢᠶᠠᠨ ᠤ ᠲᠠᠩ ᠭᠠᠭᠴᠠ ᠪᠦᠲᠦᠴᠡ ᠶᠢ | ᠰᠢᠢᠳᠪᠦᠷᠢᠯᠡᠵᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃ | ᠲᠡᠷᠢᠭᠦᠨ ᠤ ᠮᠡᠷᠭᠡᠵᠢᠯ ᠪᠣᠯᠤᠨ ᠬᠠᠮᠢᠶᠠᠷᠤᠯᠲᠠ ᠶᠢᠨ ᠣᠨᠣᠯᠵᠢᠬᠤᠨ ᠢ ᠣᠷᠣᠭᠤᠯᠬᠤ ᠪᠠᠷ ᠳᠠᠮᠵᠢᠨ᠂ ᠣᠷᠣᠨ | ᠨᠤᠲᠤᠭ ᠤᠨ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠰᠠᠶᠢᠳᠣᠷ ᠨᠡᠮᠡᠭᠳᠡᠭᠦᠯᠬᠦ ᠶᠢᠨ ᠬᠠᠮᠲᠤ ᠠᠵᠢᠯ | ᠣᠯᠭᠤᠬᠤ ᠲᠣᠬᠢᠶᠠᠯ ᠢ ᠦᠨᠡᠨ ᠬᠦ ᠡᠭᠦᠳᠴᠦ᠂ ᠨᠡᠶᠢᠭᠡᠮ ᠤᠨ ᠲᠣᠭᠲᠠᠭᠤᠨ ᠪᠥᠭᠡᠳ ᠡᠶ᠎ᠡ ᠵᠣᠬᠢᠴᠠᠯ ᠢ ᠠᠬᠢᠭᠤᠯᠬᠤ | ᠪᠣᠯᠤᠨ᠎ᠠ᠃ | ᠭᠤᠷᠪᠠ᠂ ᠡᠭᠦᠷᠭᠡ ᠬᠢᠬᠡᠳ ᠬᠠᠷᠠᠯᠲᠠ | 2026 ᠤᠨ ᠤ ᠰᠡᠬᠦᠯᠴᠢ ᠠᠴᠠ ᠡᠮᠦᠨ᠎ᠡ ᠵᠦᠪᠰᠢᠶᠡᠷᠡᠯ ᠢ ᠤᠯᠵᠦ᠂ ᠷᠠᠰᠢᠶᠠᠨ ᠬᠤᠳᠠ ᠬᠠᠷᠢᠯᠴᠠᠨ | ᠠᠷᠠᠯᠵᠢᠶᠠᠯᠠᠬᠤ ᠲᠠᠸᠠᠷ ᠢ ᠪᠣᠳᠠᠲᠠᠢ ᠡᠳ᠋ᠰᠢᠭᠦᠯᠦᠨ ᠪᠣᠯᠪᠠᠰᠤᠷᠠᠭᠤᠯᠬᠤ ᠲᠤᠷᠰᠢᠯᠳᠠ ᠶᠢᠨ ᠴᠡᠭ ᠪᠤᠯᠬᠤ ᠪᠠᠷ | ᠭᠤᠶᠤᠴᠢᠯᠠᠵᠦ᠂ ᠤᠷᠤᠨ ᠪᠠᠶᠢᠷᠢ ᠶᠢᠨ ᠲᠠᠪᠠᠭᠤᠯᠢᠭ ᠪᠠ ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ | ᠪᠠᠳᠠᠷᠠᠭᠤᠯᠵᠦ᠂ ᠤᠨᠴᠠᠯᠢᠭ ᠢᠶᠠᠷ ᠢᠯᠡ ᠲᠤᠳᠤ ᠡᠳ᠋ᠰᠢᠬᠦᠯᠤᠨ ᠪᠤᠯᠪᠠᠰᠤᠷᠠᠭᠤᠯᠬᠤ ᠠᠵᠦ ᠦᠢᠯᠡᠰ ᠤᠨ ᠰᠦᠷᠦᠭᠵᠢᠯ ᠢ | ᠪᠠᠶᠢᠭᠤᠯᠵᠦ᠂ ᠠᠵᠦ ᠦᠢᠯᠡᠰ ᠤᠨ ᠪᠦᠳᠦᠴᠡ ᠶᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠯᠬᠢᠨ | ᠠᠬᠢᠭᠤᠯᠬᠤ ᠳᠤ ᠪᠤᠢ᠃ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠣᠷᠣᠭᠤᠯᠬᠤ ᠪᠠᠷ | ᠲᠠᠮᠵᠢᠨ᠂ ᠲᠤᠰ ᠭᠠᠵᠠᠷ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠷᠠᠰᠢᠶᠠᠨ ᠬᠤᠳᠠ ᠶᠢᠨ ᠪᠦᠬᠦ ᠤᠯᠤᠰ ᠴᠢᠨᠠᠭᠰᠢᠯᠠᠪᠠᠯ | ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠳᠠᠬᠢ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠠᠵᠤ | ᠠᠬᠤᠢ ᠶᠢᠨ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠦᠨ᠎ᠡ᠃ | ᠳᠥᠷᠪᠡ᠂ ᠣᠳᠣᠬᠠᠨ ᠤ ᠠᠬᠢᠴᠠ | ᠬᠤᠳᠠᠯᠳᠤᠭᠠᠴᠢᠨ ᠤᠷᠢᠵᠤ ᠪᠡᠯᠨ ᠮᠦᠩᠬᠦ ᠣᠷᠣᠭᠤᠯᠣᠨ ᠠᠪᠴᠢᠷᠡᠬᠤ ᠪᠠᠷ ᠳᠠᠮᠵᠢᠭᠤᠯᠤᠨ ᠣᠷᠳᠣᠰ ᠤᠨ | ᠢᠮᠠᠭᠠᠨ ᠨᠣᠣᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠶᠢᠨ ᠬᠤᠪᠢᠶᠠᠷᠢ ᠺᠣᠮᠫᠠᠨᠢ᠂ | ᠾᠧᠪᠸᠢ ᠶᠢᠨ ᠯᠢ ᠰᠢᠶᠠᠨ ᠤ ᠱᠧᠩ ᠯᠠᠩ ᠨᠣᠣᠰᠣ ᠨᠣᠣᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ | ᠣᠷᠣᠭᠤᠯᠤᠨ ᠠᠪᠴᠢᠷᠠᠵᠤ᠂ ᠷᠠᠰᠢᠶᠠᠨ ᠬᠤᠲᠠ ᠶᠢᠨ ᠶᠢᠦ ᠯᠢᠶᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ | ᠺᠣᠮᠫᠠᠨᠢ᠂ ᠦᠪᠣᠷ ᠮᠣᠩᠭᠤᠯ ᠤᠨ ᠱᠧᠩ ᠷᠥᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠮᠣᠩᠭᠤᠯ | ᠣᠯᠣᠰ ᠤᠨ ᠸᠧᠢ ᠱᠦ ᠨᠣᠣᠯᠤᠭᠤᠷ ᠢ ᠭᠠᠳᠠᠭᠠᠳᠤ ᠠᠴᠠ ᠣᠷᠣᠭᠤᠯᠵᠤ ᠪᠣᠯᠪᠠᠰᠣᠷᠡᠭᠤᠯᠬᠤ ᠲᠤᠬᠠᠶᠢᠯᠠᠭᠰᠠᠨ ᠠᠵᠢᠯ ᠢ | ᠥᠷᠨᠢᠭᠦᠯᠦᠨ᠎ᠡ᠃ ᠷᠠᠰᠢᠶᠠᠨ ᠤ ᠶᠢᠦ ᠯᠢᠶᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ 100 | ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠨ ᠤ ᠬᠤᠲᠠ ᠳᠤ ᠰᠠᠭᠤᠷᠢᠰᠢᠭᠤᠯᠤᠨ ᠪᠣᠯᠪᠠᠰᠤᠷᠠᠭᠤᠯᠬᠤ | ᠦᠢᠯᠡᠳᠪᠦᠷᠢ ᠶᠢ ᠪᠠᠶᠢᠭᠤᠯᠵᠤ᠂ ᠦᠢᠯᠡᠳᠪᠦᠷᠢ ᠶᠢᠨ ᠭᠡᠷ ᠪᠠᠶᠢᠰᠢᠩ ᠤᠨ ᠲᠠᠯᠠᠪᠠᠢ ᠨᠢ 1200 ᠲᠡᠭᠰᠢ ᠳᠥᠷᠪᠡᠯᠵᠢᠨ | ᠮᠧᠲᠷ ᠬᠦᠷᠴᠣ᠂ 10 ᠠᠴᠠ 20 ᠠᠵᠢᠯᠴᠢᠨ ᠢ ᠬᠥᠯᠥᠰᠥᠯᠡᠵᠦ᠂ ᠣᠳᠣᠬᠠᠨ ᠳᠤ ᠵᠢᠯ ᠤᠨ ᠪᠣᠯᠪᠠᠰᠤᠷᠠᠭᠤᠯᠬᠤ | ᠬᠡᠮᠵᠢᠶ᠎ᠡ 300 ᠲᠣᠨ ᠳᠤ ᠲᠣᠯᠪᠡ᠃ ᠦᠪᠣᠷ ᠮᠣᠩᠭᠤᠯ ᠤᠨ ᠱᠧᠩ ᠷᠥᠩ ᠠᠷᠠᠯᠵᠢᠶᠠᠨ ᠤ ᠬᠢᠵᠠᠭᠠᠷᠲᠤ ᠺᠣᠮᠫᠠᠨᠢ | 500 ᠭᠠᠷᠣᠢ ᠲᠦᠮᠡᠨ ᠪᠡᠯᠡ ᠣᠷᠣᠭᠤᠯᠣᠨ ᠮᠠᠨ ᠤ ᠬᠤᠲᠠ ᠳᠤ ᠳᠠᠷᠤᠰᠢᠭᠤᠯᠤᠨ ᠪᠣᠯᠪᠠᠰᠤᠷᠠᠭᠤᠯᠬᠤ ᠦᠢᠯᠡᠳᠪᠦᠷᠢ | ᠪᠠᠶᠢᠭᠤᠯᠵᠦ᠂ ᠦᠢᠯᠡᠳᠪᠦᠷᠢ ᠶᠢᠨ ᠪᠠᠶᠢᠰᠢᠩ ᠤᠨ ᠲᠠᠯᠠᠪᠠᠢ ᠨᠢ 2000 ᠲᠡᠭᠰᠢ ᠲᠦᠷᠪᠡᠯᠵᠢᠨ ᠮᠧᠲᠷ ᠬᠦᠷᠴᠦ᠂ | 50 ᠬᠦᠮᠦᠨ ᠬᠦᠯᠦᠰᠦᠯᠡᠨ ᠬᠡᠷᠡᠭᠯᠡᠵᠦ᠂ 70 ᠰᠠᠭᠤᠷᠢ ᠲᠦᠬᠦᠭᠡᠷᠦᠮᠵᠢ ᠣᠷᠣᠭᠤᠯᠣᠨ᠂ ᠡᠳᠦᠷ ᠪᠦᠷᠢ 5 ᠲᠣᠨ | ᠪᠣᠯᠪᠠᠰᠤᠷᠠᠭᠤᠯᠵᠤ᠂ ᠵᠢᠯ ᠤᠨ ᠪᠣᠯᠪᠠᠰᠣᠷᠠᠭᠤᠯᠬᠤ ᠬᠡᠮᠵᠢᠶ᠎ᠡ ᠨᠢ 400-500 ᠲᠣᠨ ᠳᠤ ᠬᠦᠷᠣᠨᠠ᠃ | ᠲᠠᠪᠤ᠂ ᠪᠣᠳᠠᠲᠠᠢ ᠡᠳ᠋ᠰᠢᠭᠦᠯᠦᠨ ᠪᠣᠯᠪᠠᠰᠤᠷᠠᠭᠤᠯᠬᠤ ᠠᠯᠤᠰ ᠬᠡᠲᠦ ᠶᠢᠨ ᠲᠦᠰᠥᠪ | ᠨᠢᠭᠡ ᠳᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠪᠣᠯᠣᠨ᠎ᠠ᠂ ᠬᠠᠷᠢᠯᠴᠠᠨ ᠠᠷᠠᠯᠵᠢᠶᠠᠯᠠᠬᠤ | ᠲᠠᠸᠠᠷ ᠢ ᠪᠣᠳᠠᠲᠠᠢ ᠡᠳ᠋ᠰᠢᠭᠦᠯᠦᠨ ᠪᠣᠯᠪᠠᠰᠤᠷᠠᠭᠤᠯᠬᠤ ᠲᠥᠰᠦᠯ ᠢ ᠬᠡᠷᠡᠭᠵᠢᠭᠦᠯᠣᠨ᠂ ᠬᠠᠮᠢᠶ᠎ᠠ ᠪᠦᠬᠦᠢ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠨ ᠬᠥᠭᠵᠢᠬᠦ ᠶᠢ ᠳᠠᠶᠢᠴᠢᠯᠠᠵᠤ᠂ ᠠᠵᠤ | ᠦᠢᠯᠡᠰ ᠤᠨ ᠲᠥᠪᠯᠡᠷᠡᠯ ᠤᠨ ᠦᠢᠯᠡᠳᠦᠯ ᠢ ᠪᠣᠶ ᠪᠣᠯᠭᠠᠵᠤ ᠴᠢᠳᠠᠨ᠎ᠠ᠃ ᠡᠨᠡ ᠨᠢ ᠷᠠᠰᠢᠶᠠᠨ ᠬᠤᠳᠠ ᠶᠢᠨ ᠠᠵᠦ | ᠠᠬᠤᠢ ᠶᠢᠨ ᠶᠡᠷᠦᠩᠬᠡᠢ ᠬᠡᠮᠵᠢᠶᠡᠨ ᠤ ᠦᠷᠭᠡᠳᠭᠡᠯ ᠳᠤ ᠠᠰᠢᠭᠳᠠᠢ ᠪᠠᠷ ᠪᠠᠷᠠᠬᠤ ᠦᠭᠡᠢ ᠠᠵᠦ ᠦᠢᠯᠡᠰ ᠤᠨ | ᠪᠦᠳᠦᠴᠡ ᠶᠢ ᠰᠢᠯᠢᠳᠡᠭᠵᠢᠬᠦᠯᠵᠦ᠂ ᠠᠩᠬ᠎ᠠ ᠵᠡᠷᠭᠡ ᠶᠢᠨ ᠡᠬᠢ ᠪᠠᠶᠠᠯᠢᠭ ᠲᠤ ᠬᠡᠳᠦ ᠲᠦᠰᠢᠭᠯᠡᠯ ᠠᠴᠠ ᠠᠯᠬᠤᠮ | ᠠᠯᠬᠤᠮ ᠢᠶᠠᠷ ᠮᠤᠯᠲᠤᠷᠠᠵᠦ᠂ ᠠᠵᠦ ᠠᠬᠤᠢ ᠶᠢᠨ ᠤᠯᠠᠨ ᠡᠰᠢᠵᠢᠯᠳᠡ ᠶᠢ ᠪᠡᠶᠡᠯᠡᠬᠦᠯᠣᠨ᠎ᠠ᠃ | ᠬᠤᠶᠠᠷ ᠲᠤ᠂ ᠬᠢᠯᠢ ᠶᠢᠨ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠣᠨ᠎ᠠ᠂ ᠬᠠᠷᠢᠯᠴᠠᠨ | ᠠᠷᠠᠯᠵᠢᠶᠠᠯᠠᠬᠤ ᠲᠠᠸᠠᠷ ᠢ ᠪᠣᠳᠠᠲᠠᠢ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠠᠬᠢᠭᠤᠯᠬᠤ ᠨᠢ ᠲᠤᠬᠠᠢ ᠶᠢᠨ | ᠭᠠᠵᠠᠷ ᠤᠨ ᠬᠢᠯᠢ ᠶᠢᠨ ᠠᠷᠠᠳ ᠲᠤ ᠰᠢᠭᠤᠳ ᠠᠰᠢᠭ ᠬᠦᠷᠲᠡᠭᠡᠬᠦ ᠪᠣᠯᠤᠨ᠎ᠠ᠃ ᠨᠢᠭᠡ ᠲᠠᠯ᠎ᠠ ᠪᠠᠷ᠂ ᠨᠡᠮᠡᠭᠳᠡᠭᠰᠡᠨ | ᠠᠵᠢᠯ ᠣᠯᠭᠤᠯᠲᠠ ᠶᠢᠨ ᠠᠵᠢᠯ ᠤᠨ ᠪᠠᠶᠢᠷᠢ ᠳᠤ ᠲᠣᠭᠲᠠᠭᠤᠨ ᠣᠷᠣᠯᠭ᠎ᠠ ᠶᠢᠨ ᠢᠷᠡᠯᠲᠡ ᠬᠠᠩᠭᠠᠨ᠎ᠠ᠃ ᠨᠥᠭᠦᠭᠡ | ᠲᠠᠯ᠎ᠠ ᠪᠠᠷ᠂ ᠣᠷᠣᠨ ᠨᠤᠲᠤᠭ ᠤᠨ ᠠᠵᠤ ᠠᠬᠤᠢ ᠶᠢᠨ ᠪᠣᠳᠠᠲᠤ ᠬᠦᠴᠦᠨ ᠤ ᠴᠢᠩᠭᠠᠷᠠᠬᠤ ᠶᠢ ᠳᠠᠭᠠᠯᠳᠤᠨ᠂ ᠣᠯᠠᠨ | ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠴᠦ ᠳᠠᠭᠠᠯᠳᠤᠨ ᠳᠡᠭᠡᠭᠰᠢᠯᠡᠵᠦ᠂ | ᠬᠢᠯᠢ ᠶᠢᠨ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠦᠨᠡᠨ ᠬᠦ ᠰᠠᠶᠢᠵᠢᠷᠡᠭᠤᠯᠣᠨᠠ᠃ | ︽ᠷᠠᠰᠢᠶᠠᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠲᠠᠸᠠᠷ ᠢ ᠪᠣᠳᠠᠲᠠᠢ ᠡᠳ᠋ᠰᠢᠭᠦᠯᠦᠨ ᠪᠣᠯᠪᠠᠰᠤᠷᠠᠭᠤᠯᠬᠤ ᠲᠣᠬᠠᠢ | ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠨᠢ ᠮᠠᠨ ᠤ ᠬᠤᠲᠠ ᠶᠢᠨ ᠬᠢᠯᠢ ᠶᠢᠨ ᠠᠷᠠᠯᠵᠢᠶᠠᠨ ᠤ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠠᠩᠭᠢᠯᠠᠭ᠎ᠠ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠡᠨᠡ ᠬᠦ ᠲᠥᠷᠥ ᠶᠢᠨ ᠪᠣᠳᠣᠯᠭ᠎ᠠ ᠨᠢ ᠤᠯᠤᠰ ᠤᠨ ᠬᠢᠯᠢ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠳᠤ | ᠢᠳᠡᠪᠬᠢᠲᠡᠶ ᠲᠤᠰᠬᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠣᠷᠣᠨ ᠨᠤᠲᠤᠭ ᠤᠨ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠬᠤ ᠪᠠ ᠬᠢᠯᠢ ᠶᠢᠨ ᠠᠷᠠᠳ ᠤᠨ ᠠᠵᠠ ᠵᠢᠷᠭᠠᠯ ᠢ ᠰᠠᠶᠢᠵᠢᠷᠠᠭᠤᠯᠬᠤ ᠴᠢᠬᠤᠯᠠ ᠶᠡᠭᠡ ᠠᠷᠭ᠎ᠠ | ᠬᠡᠮᠵᠢᠶ᠎ᠡ ᠪᠣᠯᠤᠨ᠎ᠠ᠃ ᠲᠡᠷᠡ ᠨᠢ ᠷᠠᠰᠢᠶᠠᠨ ᠬᠤᠳᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ | ᠥᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | |