ᠬᠤᠳᠠᠯᠳᠤᠭᠠᠴᠢᠨ ᠤᠷᠢᠵᠤ ᠪᠡᠯᠨ ᠮᠦᠩᠬᠦ ᠣᠷᠣᠭᠤᠯᠣᠨ ᠠᠪᠴᠢᠷᠡᠬᠤ ᠪᠠᠷ ᠳᠠᠮᠵᠢᠭᠤᠯᠤᠨ ᠣᠷᠳᠣᠰ ᠤᠨ | ᠢᠮᠠᠭᠠᠨ ᠨᠣᠣᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠶᠢᠨ ᠬᠤᠪᠢᠶᠠᠷᠢ ᠺᠣᠮᠫᠠᠨᠢ᠂ | ᠾᠧᠪᠸᠢ ᠶᠢᠨ ᠯᠢ ᠰᠢᠶᠠᠨ ᠤ ᠱᠧᠩ ᠯᠠᠩ ᠨᠣᠣᠰᠣ ᠨᠣᠣᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ | ᠣᠷᠣᠭᠤᠯᠤᠨ ᠠᠪᠴᠢᠷᠠᠵᠤ᠂ ᠷᠠᠰᠢᠶᠠᠨ ᠬᠤᠲᠠ ᠶᠢᠨ ᠶᠢᠦ ᠯᠢᠶᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ | ᠺᠣᠮᠫᠠᠨᠢ᠂ ᠦᠪᠣᠷ ᠮᠣᠩᠭᠤᠯ ᠤᠨ ᠱᠧᠩ ᠷᠥᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠮᠣᠩᠭᠤᠯ | ᠣᠯᠣᠰ ᠤᠨ ᠸᠧᠢ ᠱᠦ ᠨᠣᠣᠯᠤᠭᠤᠷ ᠢ ᠭᠠᠳᠠᠭᠠᠳᠤ ᠠᠴᠠ ᠣᠷᠣᠭᠤᠯᠵᠤ ᠪᠣᠯᠪᠠᠰᠣᠷᠡᠭᠤᠯᠬᠤ ᠲᠤᠬᠠᠶᠢᠯᠠᠭᠰᠠᠨ ᠠᠵᠢᠯ ᠢ | ᠥᠷᠨᠢᠭᠦᠯᠦᠨ᠎ᠡ᠃ ᠷᠠᠰᠢᠶᠠᠨ ᠤ ᠶᠢᠦ ᠯᠢᠶᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ 100 | ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠨ ᠤ ᠬᠤᠲᠠ ᠳᠤ ᠰᠠᠭᠤᠷᠢᠰᠢᠭᠤᠯᠤᠨ ᠪᠣᠯᠪᠠᠰᠤᠷᠠᠭᠤᠯᠬᠤ | ᠦᠢᠯᠡᠳᠪᠦᠷᠢ ᠶᠢ ᠪᠠᠶᠢᠭᠤᠯᠵᠤ᠂ ᠦᠢᠯᠡᠳᠪᠦᠷᠢ ᠶᠢᠨ ᠭᠡᠷ ᠪᠠᠶᠢᠰᠢᠩ ᠤᠨ ᠲᠠᠯᠠᠪᠠᠢ ᠨᠢ 1200 ᠲᠡᠭᠰᠢ ᠳᠥᠷᠪᠡᠯᠵᠢᠨ | ᠮᠧᠲᠷ ᠬᠦᠷᠴᠣ᠂ 10 ᠠᠴᠠ 20 ᠠᠵᠢᠯᠴᠢᠨ ᠢ ᠬᠥᠯᠥᠰᠥᠯᠡᠵᠦ᠂ ᠣᠳᠣᠬᠠᠨ ᠳᠤ ᠵᠢᠯ ᠤᠨ ᠪᠣᠯᠪᠠᠰᠤᠷᠠᠭᠤᠯᠬᠤ | ᠬᠡᠮᠵᠢᠶ᠎ᠡ 300 ᠲᠣᠨ ᠳᠤ ᠲᠣᠯᠪᠡ᠃ ᠦᠪᠣᠷ ᠮᠣᠩᠭᠤᠯ ᠤᠨ ᠱᠧᠩ ᠷᠥᠩ ᠠᠷᠠᠯᠵᠢᠶᠠᠨ ᠤ ᠬᠢᠵᠠᠭᠠᠷᠲᠤ ᠺᠣᠮᠫᠠᠨᠢ | 500 ᠭᠠᠷᠣᠢ ᠲᠦᠮᠡᠨ ᠪᠡᠯᠡ ᠣᠷᠣᠭᠤᠯᠣᠨ ᠮᠠᠨ ᠤ ᠬᠤᠲᠠ ᠳᠤ ᠳᠠᠷᠤᠰᠢᠭᠤᠯᠤᠨ ᠪᠣᠯᠪᠠᠰᠤᠷᠠᠭᠤᠯᠬᠤ ᠦᠢᠯᠡᠳᠪᠦᠷᠢ | ᠪᠠᠶᠢᠭᠤᠯᠵᠦ᠂ ᠦᠢᠯᠡᠳᠪᠦᠷᠢ ᠶᠢᠨ ᠪᠠᠶᠢᠰᠢᠩ ᠤᠨ ᠲᠠᠯᠠᠪᠠᠢ ᠨᠢ 2000 ᠲᠡᠭᠰᠢ ᠲᠦᠷᠪᠡᠯᠵᠢᠨ ᠮᠧᠲᠷ ᠬᠦᠷᠴᠦ᠂ | 50 ᠬᠦᠮᠦᠨ ᠬᠦᠯᠦᠰᠦᠯᠡᠨ ᠬᠡᠷᠡᠭᠯᠡᠵᠦ᠂ 70 ᠰᠠᠭᠤᠷᠢ ᠲᠦᠬᠦᠭᠡᠷᠦᠮᠵᠢ ᠣᠷᠣᠭᠤᠯᠣᠨ᠂ ᠡᠳᠦᠷ ᠪᠦᠷᠢ 5 ᠲᠣᠨ | ᠪᠣᠯᠪᠠᠰᠤᠷᠠᠭᠤᠯᠵᠤ᠂ ᠵᠢᠯ ᠤᠨ ᠪᠣᠯᠪᠠᠰᠣᠷᠠᠭᠤᠯᠬᠤ ᠬᠡᠮᠵᠢᠶ᠎ᠡ ᠨᠢ 400-500 ᠲᠣᠨ ᠳᠤ ᠬᠦᠷᠣᠨᠠ᠃ |