ᠷᠠᠰᠢᠶᠠᠨ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠵᠢᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠶ ᠰᠡᠳᠦᠪᠲᠦ ᠪᠣᠯᠪᠠᠰᠤᠷᠠᠯ | ᠡᠷᠬᠢᠯᠡᠪᠡ | ᠷᠠᠰᠢᠶᠠᠨ ᠬᠤᠳᠠ ᠶᠢᠨ ᠰᠤᠶᠤᠯ ᠵᠢᠭᠤᠯᠴᠢᠯᠠᠯ ᠪᠡᠶ᠎ᠡ ᠲᠠᠮᠢᠷ ᠤᠨ ᠲᠤᠪᠴᠢᠶ᠎ᠠ | ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠵᠢᠭᠤᠯᠴᠢᠯᠠᠯ ᠤᠨ | ᠣᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠣ᠂ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ | ᠨᠠᠶᠢᠷ ᠤᠨ ᠠᠵᠢᠯᠯᠠᠭ᠎ᠠ ᠡᠷᠭᠢᠯᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠢᠩᠭᠠᠨ ᠠᠶᠢᠮᠠᠭ ᠤᠨ ᠰᠤᠶᠤᠯ | ᠵᠢᠭᠤᠯᠴᠢᠯᠠᠯ ᠪᠡᠶ᠎ᠡ ᠲᠠᠮᠢᠷ ᠤᠨ ᠲᠤᠪᠴᠢᠶ᠎ᠠ᠂ ᠬᠢᠩᠭᠠᠨ ᠠᠶᠢᠮᠠᠭ ᠤᠨ ᠵᠠᠬ᠎ᠠ ᠲᠡᠯᠭᠡᠭᠦᠷ ᠤᠨ ᠬᠢᠨᠠᠯᠳᠠ ᠲᠠᠯᠪᠢᠬᠤ | ᠲᠤᠪᠴᠢᠶ᠎ᠠ 2024 ᠤᠨ ᠤ 11 ᠰᠠᠷ᠎ᠠ ᠶᠢᠨ 4 ᠤ ᠡᠳᠦᠷ ᠠᠴᠠ 5 ᠤ ᠡᠳᠦᠷ ᠪᠤᠯᠳᠠᠯ᠎ᠠ᠂ ᠷᠡᠰᠢᠶᠠᠨ ᠬᠤᠳᠠ ᠳᠤ | ᠬᠦᠷᠴᠦ ᠬᠠᠤᠯᠢ ᠬᠡᠷᠡᠭᠵᠢᠬᠦᠯᠬᠦ ᠪᠠᠶᠢᠴᠠᠭᠠᠯᠳᠠ ᠪᠠ ᠲᠤᠬᠠᠢ ᠶᠢᠨ ᠲᠠᠯᠠᠪᠠᠢ ᠶᠢᠨ ᠪᠤᠯᠪᠠᠰᠤᠷᠠᠯ ᠢ ᠤᠶᠠᠯᠳᠤᠭᠤᠯᠬᠤ | ᠠᠷᠭ᠎ᠠ ᠪᠠᠷ ᠲᠤᠰ ᠤᠳᠠᠭᠠᠨ ᠤ ᠪᠠᠶᠢᠴᠠᠭᠠᠯᠳᠠ ᠪᠤᠯᠪᠠᠰᠤᠷᠠᠯ ᠤᠨ ᠠᠵᠢᠯ ᠢ ᠬᠠᠮᠳᠤᠷᠠᠨ ᠦᠷᠨᠢᠭᠦᠯᠵᠠᠢ᠃ | ᠪᠠᠶᠢᠴᠠᠭᠠᠬᠤ ᠶᠠᠪᠤᠴᠠ ᠳᠤ᠂ ᠠᠵᠤ ᠠᠬᠤᠶᠢᠯᠠᠯ ᠪᠠ ᠡᠵᠡᠩᠨᠡᠯᠲᠡ ᠶᠢᠨ ᠭᠤᠤᠯ ᠴᠣᠭᠴᠠ ᠶᠢᠨ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠵᠣᠬᠢᠶᠠᠨ ᠪᠠᠶᠢᠭᠤᠯᠬᠤ᠂ ᠠᠶᠤᠯᠬᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠪᠠ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠵᠡᠷᠭᠡ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ | ᠠᠵᠤ ᠠᠬᠤᠶᠢᠯᠠᠯ ᠪᠠ ᠡᠵᠡᠩᠨᠡᠯᠲᠡ ᠶᠢᠨ ᠭᠤᠤᠯ ᠴᠣᠭᠴᠠ ᠶᠢ ᠣᠷᠣᠰᠢᠵᠤ ᠪᠠᠶᠢᠭ᠎ᠠ ᠠᠰᠠᠭᠤᠳᠠᠯ ᠪᠠ ᠠᠮᠤᠷ | ᠲᠦᠪᠰᠢᠨ ᠤ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠲᠤᠰᠬᠠᠶ ᠬᠥᠮᠦᠨ ᠢᠶᠠᠷ | ᠬᠠᠷᠢᠭᠤᠴᠠᠭᠤᠯᠣᠬᠤ ᠬᠡᠷᠡᠭᠲᠡᠶ᠃ ᠬᠠᠮᠲᠤ ᠨᠢ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠡᠪᠦᠯ ᠤᠨ ᠤᠯᠠᠷᠢᠯ ᠤᠨ | ᠵᠢᠭᠤᠯᠴᠢᠯᠠᠯ ᠤᠨ ᠡᠵᠡᠩᠨᠡᠯᠲᠡ ᠶᠢᠨ ᠬᠤᠭᠤᠴᠠᠭᠠᠨ ᠳᠤ᠂ ᠲᠣᠰ ᠨᠢᠭᠡᠴᠢ ᠵᠢᠴᠢ ᠡᠵᠡᠩᠨᠡᠯᠲᠡ ᠶᠢᠨ ᠲᠠᠯᠠᠪᠤᠷ | ᠭᠠᠵᠠᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠰᠠᠶᠢᠲᠤᠷ ᠠᠳᠬᠤᠵᠤ᠂ | ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠪᠤᠴᠠ ᠪᠠᠨ ᠵᠢᠷᠤᠮᠵᠢᠭᠤᠯᠵᠤ᠂ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠶᠠᠨ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠬᠰᠠᠳ ᠢ ᠤᠭᠲᠤᠬᠤ | ᠬᠡᠷᠡᠭᠲᠡᠶ ᠭᠡᠵᠦ ᠱᠠᠭᠠᠷᠳᠠᠪᠠ᠃ ᠲᠣᠰ ᠤᠳᠠᠭᠠᠨ ᠤ ᠪᠠᠶᠢᠴᠠᠭᠠᠯᠲᠠ ᠨᠢ ᠷᠠᠰᠢᠶᠠᠨ ᠣᠷᠣᠨ ᠢ ᠬᠠᠮᠤᠷᠤᠭᠰᠠᠨ | ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠂ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ ᠠᠷᠠᠳ ᠤᠨ | ᠣᠷᠣᠨ ᠰᠠᠭᠤᠴᠠ᠂ ᠵᠢᠭᠤᠯᠴᠢᠯᠠᠯ ᠤᠨ ᠭᠠᠵᠠᠷ ᠵᠢᠴᠢ ᠪᠤᠰᠤᠳ ᠡᠪᠦᠯ ᠤᠨ ᠤᠯᠠᠷᠢᠯ ᠤᠨ ᠵᠢᠭᠤᠯᠴᠢᠯᠠᠯ ᠤᠨ | ᠦᠢᠯᠡᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠡᠯ᠎ᠡ ᠲᠥᠷᠥᠯ ᠤᠨ ᠡᠵᠡᠩᠨᠡᠯᠲᠡ ᠶᠢᠨ 9 ᠨᠢᠭᠡᠴᠢ ᠶᠢ | ᠪᠠᠶᠢᠴᠠᠭᠠᠵᠤ᠂ ᠡᠪᠦᠯ ᠤᠨ ᠤᠯᠠᠷᠢᠯ ᠤᠨ ᠡᠵᠡᠩᠨᠡᠯᠲᠡ ᠶᠢᠨ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠲᠠᠯᠠᠪᠤᠷ | ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠳᠤ ᠴᠢᠭᠯᠡᠭᠦᠯᠦᠨ ᠪᠥᠬᠦ ᠲᠠᠯ᠎ᠠ ᠪᠠᠷ ᠦᠨᠡᠯᠡᠨ ᠵᠢᠱᠢᠯᠲᠡ ᠬᠢᠵᠦ | ᠂ ᠢᠯᠡᠷᠡᠭᠦᠯᠦᠭᠰᠡᠨ ᠠᠰᠠᠭᠤᠳᠠᠯ ᠤᠨ ᠲᠤᠭ᠎ᠠ ᠬᠡᠮᠵᠢᠶ᠎ᠡ ᠨᠢ 9 ᠪᠠᠶᠢᠵᠤ᠂ ᠨᠢᠭᠡᠨᠲᠡ ᠬᠤᠯᠪᠣᠭᠳᠠᠯ ᠪᠥᠬᠦᠶ ᠨᠢᠭᠡᠴᠢ ᠶᠢ | ᠱᠠᠯᠠᠪᠳᠡᠭᠤᠯᠵᠣ ᠳᠠᠷᠦ᠋ᠢᠬᠠᠨ ᠴᠡᠭᠴᠡᠯᠡᠨ ᠰᠠᠶᠢᠵᠢᠷᠠᠭᠤᠯᠪᠠ᠃ | 11 ᠰᠠᠷ᠎ᠠ ᠶᠢᠨ 5 ᠤ ᠡᠳᠦᠷ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠣᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ | ᠪᠣᠯᠪᠠᠰᠤᠷᠠᠯ ᠤᠨ ᠠᠩᠭᠢ ᠡᠷᠭᠢᠯᠡᠪᠡ᠃ ᠬᠤᠷᠠᠯ ᠳᠡᠭᠡᠷ᠎ᠡ᠂ 2024-2025 ᠤᠨ ᠮᠥᠰᠥ ᠴᠠᠰᠤᠨ ᠤ ᠤᠯᠠᠷᠢᠯ | ᠵᠢᠴᠢ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ ᠤᠨ ᠡᠮᠦᠨᠡᠬᠢ ᠬᠤᠭᠤᠴᠠᠭᠠᠨ ᠤ ᠪᠡᠯᠡᠳᠬᠡᠯ | ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠵᠠᠩ ᠶᠠᠨ ᠲᠤᠤ ᠲᠣᠰ | ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠦᠢᠯᠡᠴᠢᠯᠡᠭᠡᠨ ᠤ | ᠤᠬᠠᠮᠰᠠᠷ ᠢᠶᠠᠨ ᠬᠡᠷᠬᠢᠨ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠤᠬᠠᠶ ᠵᠢᠭᠠᠪᠤᠷᠢ | ᠳᠤ ᠲᠣᠬᠢᠷᠠᠭᠤᠯᠤᠯᠲᠠ ᠬᠢᠭᠰᠡᠨ ᠪᠠᠶᠢᠨ᠎ᠠ᠃ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶᠠᠨ ᠤ ᠳᠠᠷᠤᠭ᠎ᠠ ᠰᠢᠤᠢ ᠵᠢᠩ ᠲᠣᠰ ᠤᠳᠠᠭᠠᠨ ᠤ ᠪᠣᠯᠪᠠᠰᠤᠷᠠᠯ ᠤᠨ ᠠᠩᠬᠠᠷᠬᠤ ᠵᠦᠢᠯ ᠵᠢᠴᠢ ᠮᠥᠰᠥ | ᠴᠠᠰᠤᠨ ᠤ ᠪᠠᠶᠠᠷ ᠤᠨ ᠬᠤᠭᠤᠴᠠᠭᠠᠨ ᠳᠠᠬᠢ ᠦᠢᠯᠡᠴᠢᠯᠡᠭᠡᠨ ᠤ ᠬᠦᠯᠢᠶᠡᠨ ᠠᠪᠬᠤ ᠠᠵᠢᠯ ᠳᠤ ᠴᠢᠭᠯᠡᠭᠦᠯᠦᠨ | ᠴᠢᠬᠤᠯᠠᠴᠢᠯᠠᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠰᠢᠤᠢ ᠳ᠋ᠠᠨ ᠳ᠋ᠠᠨ ᠡᠪᠦᠯ ᠤᠨ | ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠲᠤᠬᠠᠶ ᠲᠤᠰᠬᠠᠶ | ᠰᠡᠳᠦᠪᠲᠦ ᠪᠣᠯᠪᠠᠰᠤᠷᠠᠯ ᠬᠢᠵᠡᠶ᠃ |