ᠬᠠᠤᠯᠢ ᠪᠠᠷ ᠬᠥᠲᠥᠯᠪᠥᠷᠢ ᠪᠣᠯᠭᠠᠵᠤ ᠬᠠᠤᠯᠢᠵᠢᠯ ᠵᠡᠭᠡᠯᠢ ᠶᠢ ᠬᠠᠮᠲᠤ ᠪᠠᠷ ᠪᠠᠶᠢᠭᠤᠯᠣᠨ᠎ᠠ
ᠨᠡᠶᠢᠲᠡᠯᠡᠭᠰᠡᠨ ᠴᠠᠭ᠄
2024/12/10
    ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂  ᠷᠡᠰᠢᠶᠠᠨ ᠬᠤᠳᠡ ᠶᠢᠨ ᠰᠢᠨ ᠴᠧᠩ ᠵᠡᠭᠡᠯᠢ ᠺᠠᠳ᠋ᠷ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ ᠰᠤᠷᠤᠯᠴᠠᠯᠭ᠎ᠠ ᠶᠢ ᠥᠷᠨᠢᠭᠦᠯᠵᠦ᠂ ᠵᠡᠭᠡᠯᠢ ᠭᠤᠳᠤᠮᠵᠢ ᠶᠢᠨ ᠳᠣᠲᠣᠭᠠᠳᠤ ᠳᠤ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠬᠠᠯᠠᠭᠤᠨ ᠥᠷᠨᠢᠯᠲᠡ ᠶᠢ ᠪᠣᠶ ᠪᠣᠯᠭᠠᠪᠠ᠃ ᠲᠣᠰ ᠤᠳᠠᠭᠠᠨ ᠤ ᠦᠨᠳᠦᠰᠦᠨ ᠬᠠᠤᠯᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠨᠢ 12 ᠰᠠᠷ᠎ᠠ ᠶᠢᠨ 6 ᠤ ᠡᠳᠦᠷ ᠵᠡᠭᠡᠯᠢ ᠭᠤᠳᠤᠮᠵᠢ ᠶᠢᠨ ᠬᠤᠷᠠᠯ ᠤᠨ ᠬᠡᠷ ᠲᠤ ᠶᠠᠪᠤᠭᠳᠠᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠵᠡᠭᠡᠯᠢ ᠭᠤᠳᠤᠮᠵᠢ ᠶᠢᠨ ᠪᠥᠬᠦ ᠺᠠᠳ᠋ᠷ ᠠᠵᠢᠯᠲᠠᠨ  ᠨᠠᠷ ᠬᠤᠷᠠᠯ ᠳᠤ ᠣᠷᠣᠯᠴᠠᠵᠠᠶ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠦᠨᠳᠦᠰᠦᠨ ᠬᠠᠤᠯᠢ ᠶᠢ ᠭᠦᠨᠵᠡᠭᠡᠢ ᠰᠤᠳᠤᠯᠤᠨ ᠰᠣᠷᠣᠯᠴᠠᠪᠡ᠃ ᠦᠨᠳᠦᠰᠦᠨ ᠬᠠᠤᠯᠢ ᠶᠢᠨ ᠦᠨᠳᠦᠰᠦᠨ ᠵᠠᠷᠴᠢᠮ ᠠᠴᠠ ᠠᠷᠠᠳ ᠢᠷᠭᠡᠨ ᠤ ᠦᠨᠳᠦᠰᠦᠨ ᠡᠷᠬᠡ ᠪᠠ ᠡᠭᠦᠷᠭᠡ ᠬᠦᠷᠲᠡᠯ᠎ᠡ᠂ ᠲᠦᠷᠦ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠠᠴᠠ ᠦᠨᠳᠦᠰᠦᠨ ᠬᠠᠤᠯᠢ ᠶᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤᠮᠳᠠᠬᠢ ᠴᠢᠬᠤᠯᠠ ᠪᠠᠶᠢᠷᠢ ᠰᠠᠭᠤᠷᠢ ᠬᠦᠷᠲᠡᠯ᠎ᠡ᠂ ᠮᠡᠳᠡᠯᠭᠡ ᠶᠢᠨ ᠴᠡᠭ ᠨᠢᠭᠡᠪᠦᠷᠢ ᠳᠤ ᠴᠥᠮ ᠺᠠᠳ᠋ᠷ ᠠᠵᠢᠯᠳᠠᠨ ᠢ ᠨᠠᠷᠢᠨ ᠬᠢᠨᠠᠮᠠᠭᠠᠢ ᠪᠣᠳᠣᠯᠬᠢᠯᠠᠯ ᠪᠠ ᠬᠠᠯᠠᠭᠤᠨ  ᠶᠠᠷᠢᠯᠴᠠᠭ᠎ᠠ ᠬᠢᠯᠬᠡᠪᠡ᠃    ᠲᠣᠰ ᠤᠳᠠᠭᠠᠨ ᠤ ᠦᠨᠳᠦᠰᠦᠨ ᠬᠠᠤᠯᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠢᠨ ᠴᠧᠩ ᠵᠡᠭᠡᠯᠢ  ᠶᠢᠨ ᠺᠠᠳ᠋ᠷ ᠠᠵᠢᠯᠲᠠᠨ ᠦᠨᠳᠦᠰᠦᠨ ᠬᠠᠤᠯᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠪᠡ᠃ ᠬᠤᠶᠢᠰᠢᠳᠠ᠂ ᠰᠢᠨ ᠴᠧᠩ ᠵᠡᠭᠡᠯᠢ ᠦᠨᠳᠦᠰᠦᠨ ᠬᠠᠤᠯᠢ ᠶᠢ ᠰᠤᠷᠤᠯᠴᠠᠬᠤ ᠬᠡᠯᠪᠡᠷᠢ ᠪᠠᠨ ᠦᠷᠭᠦᠯᠵᠢᠯᠡᠨ ᠪᠠᠶᠠᠯᠢᠭᠵᠢᠭᠤᠯᠵᠤ᠂  ᠬᠠᠤᠯᠢᠵᠢᠯ ᠵᠡᠭᠡᠯᠢ ᠭᠤᠳᠤᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠰᠠᠨ ᠪᠠᠶᠢᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号