ᠣᠶᠢᠷ᠎ᠡ ᠶᠢᠨ ᠡᠳᠦᠷ ᠶᠡᠭᠡ ᠴᠠᠰᠤ ᠪᠠᠭᠤᠵᠣ᠂ ᠳᠤᠯᠠᠭᠠᠨ ᠤ ᠬᠡᠮᠵᠢᠶ᠎ᠡ ᠲᠣᠷᠣᠬᠰᠢᠯᠠᠯᠠ᠃ ᠬᠠᠷᠢᠶ᠎ᠠ ᠲᠣᠭᠤᠷᠢᠭ ᠤᠨ | ᠵᠡᠮᠳᠡᠭᠴᠦᠳ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠭᠦᠸᠧ ᠵᠢᠩ ᠴᠢᠤᠸᠠᠨ ᠨᠠᠰᠤᠲᠠᠨ ᠤ ᠬᠠᠯᠠᠭᠤᠨ ᠳᠤᠯᠠᠭᠠᠨ | ᠢᠶᠠᠷ ᠡᠪᠣᠯᠵᠢᠬᠦ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠷᠡᠰᠢᠶᠠᠨ ᠬᠤᠲᠠ ᠶᠢᠨ ᠸᠧᠨᠴᠢᠤᠸᠠᠨ | ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠬᠠᠮᠢᠶ᠎ᠠ ᠪᠦᠬᠦᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ | ᠨᠡᠶᠢᠭᠡᠮ ᠲᠣᠭᠤᠷᠢᠭ ᠤᠨ ᠠᠵᠢᠯᠲᠠᠳ ᠭᠦᠸᠧ ᠵᠢᠩ ᠴᠢᠤᠸᠠᠨ ᠨᠠᠰᠤᠲᠠᠨ ᠤ ᠭᠡᠷ ᠪᠠᠷ ᠬᠦᠷᠴᠣ ᠲᠡᠭᠦᠨ ᠲᠠᠢ | ᠳᠣᠲᠣᠨᠣ ᠪᠠᠷ ᠶᠠᠷᠢᠯᠴᠠᠨ᠂ ᠠᠮᠢᠳᠤᠷᠠᠯ ᠤᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠪᠣᠳᠠᠲᠠᠶ | ᠬᠦᠴᠢᠷᠳᠡᠯ ᠢ ᠨᠠᠷᠢᠨ ᠣᠶᠢᠯᠠᠭᠠᠪᠠ᠃ ᠲᠡᠭᠦᠨ ᠤ ᠰᠡᠳᠬᠢᠯ ᠤᠨ ᠦᠭᠡ ᠪᠣᠯᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠰᠣᠨᠣᠰᠴᠤ᠂ ᠲᠡᠭᠦᠨ ᠢ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠠᠮᠢᠳᠤᠷᠠᠯ ᠳᠤ ᠪᠠᠨ ᠢᠳᠡᠪᠬᠢᠲᠡᠢ ᠬᠠᠨᠳᠤᠬᠤ ᠶᠢ | ᠵᠣᠷᠢᠭᠵᠢᠭᠤᠯᠪᠠ᠃ | ᠾᠧ ᠪᠢᠨ ᠨᠡᠶᠢᠭᠡᠮ ᠲᠣᠭᠤᠷᠢᠭ ᠤᠨ ᠬᠢᠨ ᠵᠡᠮᠳᠡᠭᠴᠦᠳ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠵᠡᠷᠭᠡ | ᠪᠠᠭᠤᠷᠠᠶᠢᠴᠤᠤᠯ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠨ ᠲᠣᠬᠤᠨᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠡᠳᠡᠨ ᠳᠤ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠶ᠂ | ᠬᠠᠶᠢᠷ᠎ᠠ ᠰᠡᠳᠬᠢᠯᠭᠡ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ ᠥᠭᠴᠡᠶ᠃ | ᠢᠷᠡᠭᠡᠳᠦᠶ ᠳᠤ ᠨᠡᠶᠢᠭᠡᠮ ᠲᠣᠭᠤᠷᠢᠭ ᠤᠨ ᠬᠢᠨ ᠲᠡᠳᠡᠨ ᠤ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠬᠠᠪᠰᠤᠷᠤᠨ | ᠲᠡᠳᠬᠦᠬᠦ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ | ᠵᠣᠬᠢᠴᠠᠭᠤᠯᠵᠤ᠂ ᠲᠡᠳᠡᠨ ᠳᠤ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠬᠤ ᠪᠣᠯᠤᠨ᠎ᠠ᠃ |