ᠬᠢᠨᠭ᠍ᠭᠠᠨ ᠠᠶᠢᠮᠠᠭ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠰᠤᠳᠤᠯᠦᠨ ᠰᠤᠷᠤᠯᠴᠠᠬᠤ ᠨᠡᠷᠡᠲᠦ ᠲᠡᠮᠳᠡᠭ ᠢ ᠡᠭᠦᠳᠦᠨ ᠴᠤᠬᠴᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2024/12/10
      ︽ᠡᠪᠦᠯ ᠤᠨ ᠤᠯᠠᠷᠢᠯ ᠳᠤ ᠬᠡᠦᠬᠡᠳ ᠢᠶᠠᠨ ᠳᠠᠭᠠᠭᠤᠯᠤᠨ ᠵᠢᠭᠤᠯᠴᠢᠯᠠᠯ ᠤᠨ ᠣᠷᠣᠨ ᠢᠶᠠᠷ ᠶᠠᠪᠤᠵᠦ᠂ ᠵᠤᠨ ᠤ ᠤᠯᠠᠷᠢᠯ ᠳᠤ ᠣᠯᠠᠨ ᠢᠶᠠᠷ ᠢᠶᠠᠨ ᠲᠠᠯ᠎ᠠ ᠨᠤᠲᠤᠭ᠂ ᠭᠤᠤᠯ ᠮᠦᠷᠡᠨ ᠢᠶᠠᠷ ᠲᠤᠭᠤᠷᠢᠨ ᠵᠢᠭᠤᠯᠴᠢᠯᠡᠵᠦ᠂ ᠴᠡᠴᠡᠭ ᠰᠢᠪᠠᠭᠤ ᠵᠢᠭᠠᠰᠤ ᠵᠢᠷᠠᠭᠠᠬᠠᠢ ᠶᠢ ᠤᠯᠵᠦ ᠬᠠᠷᠠᠵᠦ ᠪᠤᠯᠦᠨ᠎ᠠ᠃ ᠬᠢᠨᠭ᠍ᠭᠠᠨ ᠠᠶᠢᠮᠠᠭ ᠲᠤ ᠰᠤᠳᠤᠯᠦᠨ ᠰᠤᠷᠤᠯᠴᠠᠬᠤ ᠪᠠᠷ ᠳᠡᠮᠵᠢᠨ᠂ ᠪᠢᠳᠡ ᠵᠠᠯᠠᠶᠢᠳ ᠬᠤᠰᠢᠭᠤᠨ ᠤ ᠵᠢᠯ ᠤᠨ ᠳᠥᠷᠪᠡᠨ ᠤᠯᠠᠷᠢᠯ ᠳᠤ ᠠᠳᠠᠯᠢ ᠪᠤᠰᠤ ᠰᠠᠶᠢᠨ ᠰᠠᠶᠢᠬᠠᠨ ᠦᠡᠭᠭᠡ ᠦᠵᠡᠮᠵᠢ ᠶᠢ ᠣᠯᠵᠤ ᠦᠵᠡᠪᠡ︾ ᠭᠡᠵᠦ ᠪᠡᠭᠡᠵᠢᠩ ᠬᠤᠲᠠ ᠶᠢᠨ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠤᠨ ᠡᠭᠦᠳᠦᠭᠴᠢ ᠡᠤ ᡁᠢ ᠬᠡᠯᠡᠪᠡ᠃ 2024 ᠣᠨ ᠳᠤ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠥᠭᠡᠷᠡᠴᠢᠯᠡᠯᠲᠡ ᠬᠦ᠋ᠭᠵᠢᠭᠦᠯᠦᠯᠲᠡ ᠢᠢᠨ ᠵᠥᠪᠯᠡᠯ ᠤᠨ ᠳᠡᠮᠵᠢᠯᠭᠡ ᠳᠣᠤᠷ᠎ᠠ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠯᠠᠶᠢᠳ ᠬᠤᠰᠢᠭᠤ ᠲᠠᠢ ᠭᠠᠷ ᠬᠤᠯᠪᠣᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠵᠦ᠂ ᠴᠢᠨᠠᠷ ᠰᠠᠶᠢᠲᠠᠶ ᠰᠤᠳᠤᠯᠤᠨ ᠰᠤᠷᠤᠯᠴᠠᠬᠤ ᠬᠠᠮᠲᠤᠷᠠᠯᠴᠠᠭᠠᠨ ᠤ ᠲᠥᠷᠥᠯ ᠵᠦᠢᠯ ᠢ ᠬᠠᠮᠲᠤᠪᠠᠷ ᠪᠣᠶ ᠪᠣᠯᠭᠠᠪᠠ᠃ ᠣᠲᠣ ᠪᠣᠯᠲᠠᠯ᠎ᠠ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠨᠢᠭᠡᠨᠲᠡ ᠵᠠᠯᠠᠶᠢᠳ ᠬᠤᠰᠢᠭᠤᠨ ᠳᠤ 5 ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠪᠠ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠵᠢᠯᠴᠠᠭ᠎ᠠ ᠶᠢ ᠠᠬᠢᠭᠤᠯᠪᠠ᠃      ᠡᠨᠡ ᠵᠢᠯ ᠠᠴᠠ ᠨᠠᠭᠠᠰᠢ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠵᠠᠯᠠᠶᠢᠳ ᠬᠤᠰᠢᠭᠤᠨ ᠤ ᠥᠪᠡᠷᠮᠢᠴᠡ ᠪᠠᠶᠢᠭᠠᠯᠢ ᠶᠢᠨ ᠠᠮᠢ ᠠᠬᠤᠶ ᠪᠠ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠤᠷᠢᠳ ᠬᠤᠵᠢᠳ ᠠᠷᠪᠠᠭᠠᠳ ᠤᠳᠠᠭ᠎ᠠ ᠵᠠᠯᠠᠶᠢᠳ ᠬᠤᠰᠢᠭᠤᠨ ᠤ ᠣᠯᠠᠨ ᠭᠠᠵᠠᠷ ᠣᠷᠣᠨ ᠳᠤ ᠭᠦᠨᠵᠡᠭᠡᠶᠢᠷᠡᠵᠦ᠂ ᠰᠤᠳᠤᠯᠤᠨ ᠰᠤᠷᠤᠯᠴᠠᠬᠤ ᠲᠥᠷᠥᠯ ᠵᠦᠢᠯ ᠤᠨ ᠵᠠᠮ ᠱᠤᠭᠤᠮ ᠵᠢᠴᠢ ᠠᠭᠤᠯᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠢᠨᠵᠢᠯᠡᠨ ᠪᠠᠶᠢᠴᠠᠭᠠᠵᠤ᠂ ᠰᠤᠷᠭᠠᠨ ᠬᠥᠮᠦᠵᠢᠯ ᠪᠠ ᠰᠤᠳᠤᠯᠤᠨ ᠰᠤᠷᠤᠯᠴᠠᠬᠤ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠵᠠᠯᠠᠶᠢᠳ ᠬᠤᠰᠢᠭᠤᠨ ᠤ ᠠᠩᠬᠠᠳᠠᠭᠴᠢ ᠰᠤᠳᠤᠯᠤᠨ ᠰᠤᠷᠤᠯᠴᠠᠬᠤ ᠵᠠᠮ ᠱᠤᠭᠤᠮ ᠢ ᠠᠮᠵᠢᠯᠲᠠ ᠲᠠᠢ ᠪᠣᠶ ᠪᠣᠯᠭᠠᠪᠠ᠃      6 ᠰᠠᠷ᠎ᠠ ᠶᠢᠨ 1 ᠤ ᠡᠳᠦᠷ᠂ ᠪᠡᠭᠡᠵᠢᠩ ᠤᠨ ᠲᠠᠪᠤᠳᠤᠭᠠᠷ ᠲᠤᠷᠰᠢᠯᠲᠠ ᠶᠢᠨ ᠰᠤᠷᠭᠠᠭᠤᠯᠢ ᠶᠢᠨ 35 ᠪᠠᠭᠰᠢ ᠰᠤᠷᠤᠭᠴᠢ ᠪᠠᠷ ᠪᠦᠷᠢᠯᠳᠦᠭᠰᠡᠨ ᠠᠩᠬᠠᠳᠠᠭᠴᠢ ᠪᠦᠯᠦᠭ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠶᠢᠨ ᠰᠤᠳᠤᠯᠤᠨ ᠰᠤᠷᠤᠯᠴᠠᠬᠤ ᠪᠦᠯᠬᠦᠮ ᠵᠠᠯᠠᠶᠢᠳ ᠬᠤᠰᠢᠭᠤᠨ ᠳᠤ ᠬᠦᠷᠴᠦ᠂ ︽ᠲᠠᠷᠢᠶᠠᠨ ᠭᠠᠵᠠᠷ ᠤᠨ ᠪᠠᠶᠠᠷ ᠪᠠᠭᠠᠳᠤᠯ ᠢ ᠣᠶᠢᠯᠠᠭᠠᠵᠤ ᠪᠠᠶᠢᠭᠠᠯᠢ ᠶᠢᠨ ᠦᠡᠭᠭᠡ ᠦᠵᠡᠮᠵᠢ ᠶᠢ ᠪᠠᠭᠠᠳᠤᠨ ᠡᠳ᠋ᠯᠡᠬᠦ︾ ᠪᠠᠷ ᠭᠤᠣᠯ ᠰᠡᠳᠦᠪ ᠪᠣᠯᠭᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠪᠠᠨ ᠡᠬᠢᠯᠡᠭᠦᠯᠵᠡᠢ᠃ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠤᠰᠤᠨ ᠲᠤᠲᠤᠷᠭ᠎ᠠ ᠳᠠᠷᠢᠬᠤ ᠰᠠᠭᠤᠷᠢᠨ ᠭᠠᠵᠠᠷ ᠲᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠨᠠᠷ ︽ᠪᠢᠴᠢᠬᠠᠨ ᠲᠠᠷᠢᠶᠠᠴᠢᠨ︾ ᠪᠣᠯᠵᠤ᠂ ᠲᠠᠷᠢᠶᠠᠴᠢᠨ ᠤ ᠠᠮᠢᠳᠤᠷᠠᠯ ᠢ ᠪᠡᠶᠡᠴᠢᠯᠡᠨ ᠣᠶᠢᠯᠠᠭᠠᠪᠠ᠃ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠪᠠᠰᠠ ᠪᠠᠶᠠᠨᠲᠠᠯ᠎ᠠ ᠶᠢᠨ ᠨᠢᠭᠤᠴᠠ ᠣᠷᠣᠨ ᠤ ᠭᠤᠣᠯ ᠤᠨ ᠬᠥᠨᠳᠡᠢ ᠳᠤ ᠬᠦᠷᠴᠦ ᠪᠠᠶᠢᠭᠠᠯᠢ ᠶᠢ ᠬᠠᠶᠢᠨ ᠰᠦᠪᠡᠭᠴᠢᠯᠡᠭᠰᠡᠨ ᠪᠥᠭᠡᠳ ᠪᠤᠬᠲᠠ ᠠᠭᠤᠯᠠ ᠶᠢᠨ ᠦᠵᠡᠮᠵᠢ ᠶᠢᠨ ᠣᠷᠣᠨ ᠳᠤ ᠲᠠᠯ᠎ᠠ ᠨᠤᠲᠤᠭ ᠢᠶᠠᠷ ᠰᠡᠯᠡᠭᠦᠴᠡᠨ ᠲᠤᠭᠤᠷᠢᠬᠤ ᠪᠠᠷ ᠳᠠᠮᠵᠢᠨ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠤᠶᠢᠯᠠᠭᠠᠪᠠ᠃      9 ᠰᠠᠷ᠎ᠠ ᠶᠢᠨ 21 ᠤ ᠡᠳᠦᠷ᠂ ᠪᠡᠭᠡᠵᠢᠩ ᠤᠨ ᠲᠠᠪᠤᠳᠤᠭᠠᠷ ᠲᠤᠷᠰᠢᠯᠲᠠ ᠶᠢᠨ ᠰᠤᠷᠭᠠᠭᠤᠯᠢ ᠶᠢᠨ ᠠᠩᠬ᠎ᠠ ᠵᠡᠷᠭᠡ ᠶᠢᠨ ᠬᠤᠶᠠᠳᠤᠭᠠᠷ ᠣᠨ ᠤ 5 ᠰᠣᠷᠣᠭᠴᠢ ᠲᠠᠬᠢᠭᠠᠳ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠤᠰᠤᠨ ᠲᠤᠲᠤᠷᠭ᠎ᠠ ᠳᠠᠷᠢᠬᠤ ᠰᠠᠭᠤᠷᠢᠨ ᠭᠠᠵᠠᠷ ᠲᠤ ᠢᠷᠡᠵᠦ᠂ ᠲᠠᠷᠢᠶᠠᠨ ᠠᠵᠢᠯ ᠢ ᠬᠥᠳᠡᠯᠮᠦᠷᠢ ᠶᠢᠨ ᠦᠷ᠎ᠡ ᠪᠦᠲᠦᠭᠡᠯ ᠪᠠ ᠪᠠᠶᠠᠷ ᠪᠠᠭ᠋ᠠᠲᠦᠯ ᠢᠶᠠᠨ ᠬᠠᠮᠲᠦ ᠤᠯᠠᠨ ᠲᠠᠢ ᠪᠠᠨ ᠬᠤᠪᠢᠶᠠᠯᠴᠠᠪᠠ᠃      ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠤᠨ ᠨᠠᠪᠳᠡᠷᠠᠭᠦᠯᠥᠬᠰᠡᠨ ᠵᠠᠯᠠᠶᠢᠳ ᠬᠤᠰᠢᠭᠤᠨ ᠤ ᠰᠤᠳᠤᠯᠤᠨ ᠰᠤᠷᠤᠯᠴᠠᠬᠤ ᠵᠠᠮ ᠱᠤᠭᠤᠮ ᠨᠢ ᠬᠥᠳᠡᠯᠮᠦᠷᠢ ᠶᠢᠨ ᠬᠥᠮᠦᠵᠢᠯ ᠢ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ᠰᠤᠷᠤᠭᠴᠢᠳ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠣᠶᠢᠯᠠᠭᠠᠭᠤᠯᠵᠤ᠂ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ︽ᠵᠠᠯᠠᠶᠢᠳ ᠬᠤᠰᠢᠭᠤᠨ ᠤ ᠡᠨᠡ ᠬᠦ ᠪᠠᠶᠢᠭᠠᠯᠢᠯᠢᠭ ᠠᠮᠢ ᠠᠬᠤᠶ ᠶᠢᠨ ᠰᠤᠳᠤᠯᠤᠨ ᠰᠤᠷᠤᠯᠴᠠᠬᠤ ᠭᠠᠵᠠᠷ ᠨᠢ ᠰᠤᠷᠤᠭᠴᠢᠳ ᠲᠤ ᠪᠦᠷᠢᠮᠦᠰᠦᠨ ᠠᠳᠠᠯᠢ ᠪᠤᠰᠤ ᠠᠮᠢᠳᠤᠷᠠᠯ ᠤᠨ ᠣᠶᠢᠯᠠᠭᠠᠯᠲᠠ ᠶᠢ ᠡᠳ᠋ᠯᠡᠭᠦᠯᠵᠦ᠂ ᠰᠤᠷᠤᠭᠴᠢᠳ ᠲᠤ ᠠᠳᠠᠯᠢ ᠪᠤᠰᠤ ᠲᠠᠯ᠎ᠠ ᠶᠢᠨ ᠮᠡᠳᠡᠯᠭᠡ ᠶᠢ ᠮᠠᠰᠢ ᠣᠯᠠᠨ ᠡᠵᠡᠮᠰᠢᠭᠦᠯᠪᠡ︾ ᠭᠡᠵᠦ ᠪᠡᠭᠡᠵᠢᠩ ᠤᠨ ᠲᠠᠪᠤᠳᠤᠭᠠᠷ ᠲᠤᠷᠰᠢᠯᠲᠠ ᠶᠢᠨ ᠰᠤᠷᠭᠠᠭᠤᠯᠢ ᠶᠢᠨ ᠪᠠᠭᠰᠢ ᠮᠢᠶᠣᠣ ᠵᠤᠸᠠᠩ ᠪᠠᠶᠠᠷᠲᠠᠶᠢᠬᠠᠨ ᠶᠠᠷᠢᠵᠦ ᠪᠠᠶᠢᠯ᠎ᠠ᠃      ᠣᠶᠢᠯᠠᠭᠠᠭᠰᠠᠨ ᠢᠶᠠᠷ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ 2010 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠨᠢᠭᠡᠨᠲᠡ 400 ᠤᠳᠠᠭ᠎ᠠ ᠤᠯᠤᠰ ᠤᠨ ᠳᠣᠲᠣᠭᠠᠳᠤ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠵᠢᠴᠢ ᠤᠯᠠᠨ ᠤᠯᠤᠰ ᠤᠨ ᠵᠤᠰᠠᠯᠠᠩ ᠤᠨ ᠲᠦᠷᠦᠯ ᠵᠦᠢᠯ ᠢ 32 ᠵᠣᠬᠢᠶᠠᠨ ᠪᠠᠶᠢᠭᠤᠯᠵᠤ᠂ ᠪᠦᠬᠦ ᠪᠥᠮᠪᠥᠷᠴᠡᠭ ᠤᠨ 16 ᠤᠯᠤᠰ ᠪᠠ ᠤᠯᠤᠰ ᠤᠨ ᠳᠣᠲᠣᠭᠠᠳᠤ ᠶᠢᠨ 238 ᠬᠤᠳᠠ ᠳᠤ ᠤᠯᠠ ᠮᠦᠷ ᠶᠢᠨ ᠦᠯᠡᠳᠡᠭᠡᠭᠰᠡᠨ ᠪᠠᠶᠢᠨ᠎ᠠ᠃      ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠪᠠᠰᠠ ᠵᠠᠯᠠᠶᠢᠳ ᠬᠤᠰᠢᠭᠤᠨ ᠤ ᠲᠠᠷᠢᠶᠠᠯᠠᠩ ᠰᠣᠶᠣᠯ ᠵᠢᠭᠤᠯᠴᠢᠯᠡᠯ ᠤᠨ ᠰᠤᠳᠤᠯᠦᠨ ᠰᠤᠷᠤᠯᠴᠠᠬᠤ ᠲᠥᠷᠥᠯ ᠵᠦᠢᠯ ᠢ ᠲᠠᠨᠢᠯᠴᠠᠭᠤᠯᠬᠤ ᠶᠡᠭᠡ ᠬᠤᠷᠠᠯ ᠢ ᠦᠷᠭᠦᠯᠵᠢᠯᠡᠨ ᠡᠷᠭᠢᠯᠡᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠶᠢᠨ ᠢᠷᠠᠭᠤ ᠠᠯᠳᠠᠷ ᠤᠨ ᠨᠡᠷ᠎ᠡ ᠬᠠᠭᠤᠳᠠᠰᠤ ᠶᠢ ᠦᠷᠭᠦᠯᠵᠢᠯᠡᠨ ᠪᠣᠶ ᠪᠣᠯᠭᠠᠬᠤ ᠶᠢᠨ ᠬᠠᠮᠲᠤ ︽ᠭᠤᠷᠪᠠᠨ ᠠᠯᠬᠤᠮ︾ ᠤᠨ ᠪᠠᠶᠢᠯᠳᠤᠬᠤ ᠪᠣᠳᠣᠯᠭ᠎ᠠ ᠶᠢᠨ ᠶᠣᠰᠣᠭᠠᠷ ᠵᠠᠯᠠᠶᠢᠳ ᠬᠤᠰᠢᠭᠤᠨ ᠤ ᠰᠤᠳᠤᠯᠤᠨ ᠰᠤᠷᠤᠯᠴᠠᠬᠤ ᠲᠥᠷᠥᠯ ᠵᠦᠢᠯ ᠢ ᠳᠡᠯᠭᠡᠷᠡᠭᠦᠯᠵᠦ᠂ ︽ᠪᠡᠭᠡᠵᠢᠩ ᠥᠪᠥᠷ ᠮᠣᠩᠭᠤᠯ — ᠵᠠᠯᠠᠶᠢᠳ ᠤᠨ ᠰᠣᠳᠣᠨ ᠰᠢᠯᠢᠳᠡᠭ ᠰᠤᠳᠤᠯᠤᠨ ᠰᠤᠷᠤᠯᠴᠠᠬᠤ ᠲᠥᠷᠥᠯ ᠲᠡᠮᠳᠡᠭ ᠢ ᠭᠦᠨᠵᠡᠭᠡᠶ ᠡᠬᠦᠳᠴᠤ᠂ ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠰᠣᠳᠣᠨ ᠵᠠᠮ ᠱᠤᠭᠤᠮ ᠢ ᠪᠠᠶᠢᠭᠤᠯᠬᠤ ᠪᠠᠷ ᠴᠢᠷᠮᠠᠶᠢᠬᠤ ᠪᠤᠯᠦᠨ᠎ᠠ᠃  · ᠳᠠᠷᠬᠠᠨ ᠰᠢᠦ ᠰᠢᠦ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号