ᠣᠶᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠢᠩᠭᠠᠨ | ᠠᠶᠢᠮᠠᠭ ᠤᠨ ᠮᠦᠽᠧᠶ ᠨᠠᠮ ᠤᠨ ᠪᠠᠶᠢᠭᠤᠯᠤᠯᠲᠠ ᠪᠠᠷ ᠭᠤᠤᠯ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠮᠦᠽᠧᠶ ᠶᠢᠨ ᠡᠭᠦᠷᠭᠡ ᠴᠢᠳᠠᠪᠬᠢ ᠪᠠᠨ ᠭᠦᠢᠴᠡᠳᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠠᠵᠢᠯ ᠢ ᠰᠠᠶᠢᠳᠦᠷ ᠬᠢᠵᠦ ᠪᠠᠶᠢᠨ᠎ᠠ᠃ | ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠠᠮ ᠤᠨ | ᠭᠡᠰᠢᠭᠦᠨ ᠺᠠᠳ᠋ᠷᠴᠤᠳ ᠤᠨ ᠵᠠᠪᠠᠯ ᠰᠤᠷᠬᠤ ᠬᠢᠴᠢᠶᠡᠯ ᠪᠣᠯᠭᠠᠬᠤ ᠶᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ | ᠡᠳᠦᠷᠯᠢᠭ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠦ᠂ ᠪᠦᠬᠦ ᠲᠠᠯ᠎ᠠ ᠶᠢᠨ ᠣᠶᠢᠯᠠᠭᠠᠯᠲᠠ ᠪᠠᠨ | ᠭᠦᠨᠵᠡᠭᠡᠶᠢᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠵᠢᠯᠣᠭᠤᠳᠴᠤ ︽ᠬᠤᠶᠠᠷ ᠢ ᠤᠶᠠᠯᠳᠤᠭᠤᠯᠬᠤ︾ ᠤᠨᠤᠯ ᠤᠨ ᠰᠢᠨ᠎ᠡ ᠶᠢ ᠡᠭᠦᠳᠬᠦ ᠶᠢ | ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠤ ᠠᠵᠢᠯ ᠢ ᠥᠷᠨᠢᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ | ᠬᠢᠨᠭ᠍ᠭᠠᠨ ᠠᠶᠢᠮᠠᠭ ᠤᠨ ᠮᠦᠽᠸᠢ ᠰᠦᠢᠳᠭᠡᠯ ᠬᠤᠷᠢᠶᠠᠬᠤ ᠦᠭᠡᠶ ᠪᠠᠷ ᠡᠬᠦᠳᠡ ᠪᠠᠨ ᠨᠡᠭᠡᠭᠡᠬᠦ᠂ ᠤᠬᠠᠭᠤᠯᠭ᠎ᠠ | ᠬᠥᠮᠦᠵᠢᠯ ᠬᠢᠬᠦ ᠵᠡᠷᠭᠡ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠷᠤ ᠳᠠᠬᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠭᠦᠨᠵᠡᠭᠡᠶ ᠠᠭᠤᠳᠠᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ᠂ | ᠮᠦᠽᠧᠶ ᠶᠢᠨ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠲᠠᠢ ᠣᠷᠭᠠᠨᠢᠭ ᠢᠶᠠᠷ ᠠᠭᠤᠰᠤᠯᠴᠠᠭᠤᠯᠵᠠᠢ᠃ | ᠡᠭᠦᠨ ᠤ ᠬᠠᠮᠲᠦ ᠶᠤᠸᠠᠨ ᠤᠯᠤᠰ ᠤᠨ ᠦᠶ᠎ᠡ ᠶᠢᠨ ᠵᠢᠩ ᠳ᠋ᠧ ᠵᠧᠨ ᠪᠠᠯᠭᠠᠰᠤᠨ ᠤ ᠲᠡᠤᠬᠡ ᠶᠢᠨ ᠳᠤᠷᠠᠰᠬᠠᠯᠲᠤ | ᠵᠦᠢᠯᠡᠰ ᠢ ᠳᠡᠯᠭᠡᠨ ᠦᠵᠡᠭᠦᠯᠬᠦ ᠠᠵᠢᠯᠯᠠᠭ᠎ᠠ ᠶᠢ ᠠᠰᠢᠭᠯᠠᠨ᠂ ᠦᠨᠳᠦᠰᠦᠲᠡᠨ ᠨᠦᠭᠦᠳ ᠤᠨ ᠣᠷᠳᠣ ᠤᠳᠠᠭᠠᠨ | ᠲᠡᠤᠬᠡ ᠶᠢᠨ ᠠᠬᠢᠴᠠ ᠳᠤ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠠᠭᠤᠰᠤᠯᠴᠠᠭᠰᠠᠨ | ᠰᠦᠷᠯᠢᠭ ᠰᠠᠶᠢᠬᠠᠨ ᠵᠢᠷᠤᠭ ᠢ ᠣᠯᠠᠨ ᠲᠠᠯ᠎ᠠ ᠠᠴᠠ ᠠᠮᠢᠳᠤᠯᠢᠭ ᠢᠶᠠᠷ ᠵᠢᠷᠤᠭᠯᠠᠵᠤ᠂ ᠦᠵᠡᠭᠴᠢᠳ ᠲᠤ | ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠨᠥᠬᠦᠷᠯᠡᠯ ᠢ ᠭᠦᠨᠵᠡᠭᠡᠶ ᠮᠡᠳᠡᠷᠡᠭᠦᠯᠵᠦ᠂ ᠬᠢᠩᠭᠠᠨ ᠠᠶᠢᠮᠠᠭ ᠤᠨ | ᠡᠯ᠎ᠠ ᠦᠨᠳᠦᠰᠦᠲᠡᠨ ᠤ ᠠᠭᠤᠰᠤᠯᠴᠠᠯ ᠤᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠣᠶᠣᠯ ᠤᠨ ᠥᠪ ᠤᠨ ᠰᠦᠭ ᠰᠦᠨᠡᠰᠦ ᠶᠢ ᠤᠯᠠᠮᠵᠢᠯᠠᠵᠤ᠂ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠠᠭᠤᠷᠢ ᠶᠢ ᠪᠠᠲᠤ ᠴᠣᠭᠴᠠᠯᠠᠪᠠ᠃ | ᠬᠢᠨᠭ᠍ᠭᠠᠨ ᠠᠶᠢᠮᠠᠭ ᠤᠨ ᠮᠦᠽᠸᠢ ᠰᠢᠯᠢᠳᠡᠭ ᠲᠠᠶᠢᠯᠪᠤᠷᠢᠯᠠᠭᠴᠢ ᠶᠢ ᠰᠣᠩᠭᠤᠨ ᠬᠥᠮᠦᠵᠢᠭᠦᠯᠵᠦ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ | ᠦᠷᠨᠢᠭᠦᠯᠵᠠᠢ᠃ ᠡᠨᠡ ᠵᠢᠯ᠂ ᠬᠢᠩᠭᠠᠨ ᠠᠶᠢᠮᠠᠭ ᠤᠨ ᠮᠦᠽᠧᠶ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠬᠠᠮᠲᠤᠷᠠᠨ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠵᠢᠭᠠᠨ | ᠰᠤᠷᠭᠠᠯᠲᠠ ᠶᠢᠨ ᠠᠵᠢᠯᠯᠠᠭ᠎ᠠ ᠶᠢ 12 ᠲᠠᠯᠠᠪᠤᠷ ᠤᠳᠠᠭ᠎ᠠ ᠥᠷᠨᠢᠭᠦᠯᠵᠦ᠂ ᠪᠠᠭᠰᠢ ᠰᠤᠷᠤᠭᠴᠢᠳ ᠨᠠᠶᠢᠳᠡ 1200 | ᠭᠠᠷᠤᠶ ᠬᠥᠮᠦᠨ ᠤᠳᠠᠭ᠎ᠠ ᠣᠷᠣᠯᠴᠠᠪᠠ︔ ᠪᠠᠰᠠ ᠲᠦᠴᠢᠦᠸᠠᠨ ᠰᠢᠶᠠᠨ ᠤ ᠵᠠᠯᠠᠭᠤᠴᠤᠳ ᠪᠠᠭᠠᠴᠤᠳ ᠤᠨ | ᠠᠵᠢᠯᠯᠠᠭ᠎ᠠ ᠶᠢᠨ ᠲᠥᠪ ᠲᠠᠢ ᠬᠠᠮᠲᠤᠷᠠᠨ ᠰᠤᠳᠤᠯᠤᠨ ᠰᠤᠷᠤᠯᠴᠠᠬᠤ ᠠᠵᠢᠯᠯᠠᠭ᠎ᠠ ᠶᠢ 6 ᠬᠤᠭᠤᠴᠠᠭ᠎ᠠ ᠥᠷᠨᠢᠭᠦᠯᠵᠦ᠂ | ᠵᠠᠯᠠᠭᠤᠴᠤᠳ ᠪᠠᠭᠠᠴᠤᠳ ᠲᠤ ︽ᠳᠤᠮᠳᠠᠳᠤ ᠶᠢᠨ ᠰᠣᠶᠣᠯ ᠤᠨ ᠤᠳᠤᠮᠰᠢᠯ ᠢ ᠵᠠᠯᠭᠠᠮᠵᠢᠯᠠᠵᠤ ᠤᠮᠠᠷᠠᠲᠤ ᠬᠢᠯᠢ ᠶᠢᠨ | ᠰᠣᠶᠣᠯ ᠢ ᠪᠠᠳᠠᠷᠠᠭᠤᠯᠤᠶ᠎ᠠ︾ ᠭᠡᠬᠦ ᠪᠢᠴᠢᠬᠠᠨ ᠲᠠᠶᠢᠯᠪᠤᠷᠢᠯᠠᠭᠴᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ | ᠥᠷᠨᠢᠭᠦᠯᠵᠦ᠂ ᠨᠡᠶᠢᠲᠡ 40 ᠭᠠᠷᠤᠶ ︽ᠲᠡᠤᠬᠡ ᠶᠢᠨ ᠳᠤᠷᠠᠰᠬᠠᠯᠲᠤ ᠵᠦᠢᠯᠡᠰ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠰᠤᠷᠤᠯᠴᠡᠯᠭᠠ ᠶᠢᠨ | ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠣᠶᠢᠯᠠᠭᠠᠭᠤᠯᠵᠤ᠂ | ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠲᠤᠬᠠᠢ ᠤᠶᠢᠯᠠᠭᠠᠯᠲᠠ ᠶᠢ ᠴᠢᠩᠭᠠᠳᠬᠠᠵᠠᠢ᠃ | ᠬᠢᠨᠭ᠍ᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠢᠯᠤᠭᠤᠳᠤᠯᠭ᠎ᠠ | ᠳᠤᠤᠷ᠎ᠠ᠂ ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ | ᠱᠠᠲᠤᠨ ᠤ ᠡᠮᠤᠨ᠎ᠠ ᠹᠷᠣᠨᠲ ᠲᠤ ᠭᠦᠨᠵᠡᠭᠡᠶᠢᠷᠡᠨ ᠨᠠᠮ ᠤᠨ ᠲᠥᠷᠥ ᠶᠢᠨ ᠪᠣᠳᠣᠯᠭ᠎ᠠ ᠣᠨᠣᠯ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ ᠲᠡᠳᠡ ᠬᠦᠴᠢᠷᠳᠡᠯᠲᠡᠶ ᠣᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ᠂ ᠨᠡᠶᠢᠭᠡᠮ | ᠲᠣᠭᠤᠷᠢᠭ ᠢ ᠬᠠᠮᠵᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠭᠢᠯ ᠳᠤ ᠬᠦᠷᠭᠡᠵᠦ᠂ ᠥᠷᠭᠡᠨ ᠣᠯᠠᠨ | ᠦᠨᠳᠦᠰᠦᠨ ᠱᠠᠲᠤᠨ ᠤ ᠣᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ ᠤᠬᠠᠮᠰᠠᠷ ᠢ ᠴᠢᠩᠭᠠᠳᠬᠠᠵᠠᠢ᠃ | ᠬᠤᠶᠢᠰᠢᠳᠠ᠂ ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠵᠡᠷᠭᠡ ᠰᠢᠷᠢᠰ ᠭᠤᠤᠯ | ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠪᠠᠷ ︽ᠵᠢᠷᠭᠤᠭᠠᠨ ᠦᠭᠡ︾ | ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠠᠶᠢᠲᠤᠷ ᠶᠠᠷᠢᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ︽ᠳᠥᠷᠪᠡ ᠶᠢ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠬᠤ | ᠪᠤᠯᠦᠨ᠎ᠠ᠃ ︵ᠯᠢᠶᠠᠨ ᠪᠤᠤ ᠰᠤᠶᠤᠯ︶ |