ᠦᠢᠯᠡᠴᠢᠯᠡᠭᠡ ᠬᠠᠮᠢᠶᠠᠷᠤᠯᠳᠠ ᠪᠠᠨ ᠴᠢᠩᠭᠠᠳᠬᠠᠨ ᠵᠡᠮᠳᠡᠭᠴᠤᠳ ᠤᠨ ᠦᠢᠯᠡᠰ ᠤᠨ ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/10
      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠬᠢᠩᠭᠠᠨ ᠠᠶᠢᠮᠠᠭ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ᠂ ᠡᠷᠬᠡ ᠠᠰᠢᠭ ᠤᠨ ᠪᠠᠲᠤᠯᠠᠭ᠎ᠠ ᠵᠡᠷᠬᠡ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠦᠨ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠣᠷᠴᠢᠨ ᠲᠣᠭᠤᠷᠢᠨ ᠪᠠ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠦ ᠠᠶᠢᠮᠠᠭ ᠤᠨ 6 ᠲᠦᠮᠡ ᠭᠠᠷᠤᠶ ᠵᠡᠮᠳᠡᠭ ᠬᠦᠮᠤᠡ ᠳᠤ ᠵᠣᠯ ᠵᠢᠷᠭᠠᠯᠳᠦ ᠠᠮᠢᠳᠤᠷᠠᠯ ᠢ ᠡᠳ᠋ᠯᠡᠬᠦᠯᠦᠭᠰᠡᠨ ᠪᠠᠶᠢᠨ᠎ᠠ᠃      ᠬᠠᠮᠲᠤᠪᠠᠷ ᠴᠢᠨᠡᠭᠡᠯᠢᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠪᠤᠯᠤᠨ ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠨᠢ ᠬᠠᠮᠳᠤᠷᠠᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠷᠭᠤᠭᠤᠯᠤᠨ ᠪᠠᠶᠢᠴᠠᠭᠠᠬᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠬᠠᠮᠲᠤᠪᠠᠷ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠵᠡᠮᠳᠡᠭ ᠬᠦᠮᠤᠰ ᠤᠨ ᠬᠡᠷ ᠪᠦᠯᠢ ᠶᠢᠨ ᠪᠠᠶᠢᠳᠠᠯ ᠢ ᠮᠥᠷᠳᠡᠨ ᠰᠤᠷᠪᠤᠯᠵᠢᠯᠠᠬᠤ ᠠᠵᠢᠯᠯᠠᠭ᠎ᠠ ᠢᠢ ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠬᠦᠴᠢᠷᠳᠡᠯᠲᠡᠢ ᠬᠡᠷ ᠪᠦᠯᠢ ᠶᠢᠨ 2300 ᠵᠡᠮᠳᠡᠭ ᠬᠦᠮᠤᠰ ᠢ ᠲᠣᠬᠤᠨᠢᠭᠤᠯᠤᠨ ᠠᠪᠤᠷᠠᠨ ᠲᠤᠰᠠᠯᠠᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠪᠡ᠃ ᠡᠬᠦᠨ ᠤ ᠬᠠᠮᠳᠤ ᠪᠠᠰᠠ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠮᠳᠡᠭᠴᠦᠳ ᠤᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠬᠤᠰᠢᠭᠤ ᠰᠢᠶᠠᠨ ᠬᠤᠲᠠ ᠳᠤ ᠵᠡᠮᠳᠡᠭᠴᠦᠳ ᠤᠨ ᠠᠵᠤ ᠦᠢᠯᠡᠰ ᠢ ᠬᠠᠪᠰᠤᠷᠤᠨ ᠲᠡᠳᠬᠦᠬᠦ᠂ ᠡᠷᠡᠭᠦᠯᠵᠢᠭᠦᠯᠬᠦ ᠪᠣᠯᠪᠠᠰᠤᠷᠠᠯ᠂ ᠠᠵᠢᠯ ᠣᠯᠭᠤᠯᠲᠠ ᠶᠢᠨ ᠪᠣᠯᠪᠠᠰᠤᠷᠠᠯ᠂ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠬᠠᠰᠠ ᠪᠠᠶᠢᠨ᠎ᠠ᠃ ᠡᠭᠦᠨ ᠳᠤ᠂ ᠲᠦᠴᠢᠦᠸᠠᠨ ᠰᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠱᠶᠶ᠎ᠠ ᠦᠵᠡᠭᠦᠯᠬᠦ ᠴᠡᠭ ᠨᠢ ᠨᠢᠭᠡᠨᠲᠡ ᠫᠠᠶᠢᠰᠠ ᠡᠯᠭᠦᠨ ᠠᠰᠢᠬᠯᠠᠯᠳᠠ ᠳᠤ ᠤᠷᠤᠬᠰᠠᠨ ᠪᠠᠶᠢᠨ᠎ᠠ᠃      ᠠᠷᠠᠳ ᠤᠨ ᠠᠮᠢᠳᠤᠷᠠᠯ ᠤᠨ ᠭᠤᠣᠯᠳᠠᠯᠭ᠎ᠠ ᠶᠢ ᠳᠣᠪᠤᠶᠢᠯᠭᠠᠵᠤ᠂ ᠠᠮᠢᠳᠤᠷᠠᠯ ᠨᠢ ᠬᠦᠴᠢᠷᠳᠡᠯᠲᠡᠶ ᠵᠡᠮᠳᠡᠭᠴᠦᠳ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠬᠦᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠠᠴᠠ ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠵᠡᠮᠳᠡᠭᠴᠦᠳ ᠤᠨ ᠬᠡᠷ ᠪᠦᠯᠢ ᠶᠢ ᠪᠦᠬᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠠᠢ᠃ ᠡᠬᠦᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠤᠶᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠠᠳᠤᠶ 464 ᠬᠡᠷ ᠪᠦᠯᠢ ᠶᠢᠨ ᠳᠣᠲᠣᠷᠠᠬᠢ ᠤᠷᠤᠯᠭ᠎ᠠ ᠪᠠᠭᠠᠳᠠᠢ ᠬᠦᠨᠳᠦ ᠵᠡᠮᠳᠡᠭ ᠬᠥᠮᠦᠰ ᠢ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ ᠪᠣᠯᠭᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠡ᠃ ᠳᠤᠮᠳᠠᠴᠢ ᠪᠠᠷ ᠵᠢᠯ ᠪᠦᠷᠢ 3 ᠲᠦᠮᠡ ᠭᠠᠷᠤᠶ ᠶᠠᠳᠠᠭᠤ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠣᠯᠭᠤᠵᠤ᠂ 2 ᠲᠦᠮᠡ ᠭᠠᠷᠤᠶ ᠬᠦᠨᠳᠦ ᠵᠡᠮᠳᠡᠭ ᠬᠦᠮᠦᠰ ᠲᠤ ᠰᠤᠪᠢᠯᠠᠯᠲᠠ ᠶᠢᠨ ᠨᠥᠬᠦᠪᠥᠷᠢ ᠣᠯᠭᠤᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠳᠤ ᠨᠡᠶᠢᠴᠡᠬᠦ 1355 ᠬᠥᠮᠦᠨ ᠳᠤ ᠵᠢᠯ ᠪᠦ᠋ᠷᠢ 200 ᠲᠥᠭᠦᠷᠢᠭ ᠤᠨ ᠪᠠᠷᠢᠮᠵᠢᠶ᠎ᠠ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠬᠰᠠᠨ ᠪᠠᠶᠢᠨ᠎ᠠ᠃      ᠡᠷᠬᠡ ᠠᠰᠢᠭ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠨᠴᠠᠭᠠᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ 69.5 ᠲᠦᠮᠡᠨ ᠲᠥᠭᠦᠷᠢᠭ ᠪᠡᠯᠡ ᠮᠦᠡᠭᠬᠦ ᠬᠡᠷᠡᠭᠰᠡᠵᠦ᠂ ᠰᠤᠷᠬᠤ ᠨᠠᠰᠤᠨ ᠠᠴᠠ ᠡᠮᠦᠨᠡᠬᠢ 545 ᠵᠡᠮᠳᠡᠭ ᠬᠡᠤᠬᠡᠳ ᠢ ᠡᠯᠰᠡᠬᠰᠠᠨ 37 ᠰᠤᠷᠭᠠᠨ ᠬᠥᠮᠦᠵᠢᠯ ᠤᠨ ᠪᠠᠶᠢᠭᠤᠯᠤᠮᠵᠢ ᠪᠠ ᠵᠡᠮᠳᠡᠭ ᠬᠡᠤᠬᠡᠳ ᠢ ᠡᠷᠡᠭᠦᠯᠵᠢᠭᠦᠯᠬᠦ ᠪᠠᠶᠢᠭᠤᠯᠤᠮᠵᠢ ᠳᠤ ᠨᠥᠬᠦᠪᠥᠷᠢ ᠤᠯᠭᠤᠪᠠ᠃ ᠠᠮᠢᠳᠤᠷᠠᠯ ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠢᠳᠡᠪᠬᠢᠳᠡᠢ ᠥᠷᠨᠢᠭᠦᠯᠵᠦ᠂ ᠪᠥᠬᠦ ᠠᠶᠢᠮᠠᠭ ᠲᠤ ᠠᠮᠢᠳᠤᠷᠠᠯ ᠨᠢ ᠶᠠᠳᠠᠭᠤ ᠬᠦᠴᠢᠷᠳᠠᠯᠳᠠᠢ ᠬᠡᠷ ᠪᠦᠯᠢ ᠶᠢᠨ ᠵᠡᠮᠳᠡᠭ ᠰᠣᠷᠣᠭᠴᠢ ᠶᠢ 1326᠂ ᠵᠡᠮᠳᠡᠭᠴᠦᠳ ᠤᠨ ᠦᠷ᠎ᠡ ᠬᠡᠤᠬᠡᠳ ᠢ 6153 ᠲᠤᠰ ᠲᠤᠰ ᠮᠠᠭᠠᠳᠯᠠᠨ ᠲᠣᠭᠲᠠᠭᠠᠪᠠ᠃ ᠣᠳᠣᠬᠠᠨ ᠳᠤ᠂ ᠪᠥᠬᠦ ᠠᠶᠢᠮᠠᠭ ᠤᠨ 20 ᠲᠦᠮᠡ ᠠᠴᠠ ᠳᠡᠭᠡᠭᠰᠢᠬᠢ ᠬᠥᠮᠦᠨ ᠠᠮᠠ ᠲᠠᠢ ᠬᠤᠰᠢᠭᠤ ᠰᠢᠶᠠᠨ ᠳᠤ ᠴᠥᠮ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠶᠢᠭᠤᠯᠤᠬᠰᠠᠨ ᠪᠠᠶᠢᠨ᠎ᠠ᠃      2021 ᠣᠨ ᠠᠴᠠ ᠨᠠᠭᠠᠰᠢ᠂ ᠨᠠᠷᠢᠯᠢᠭ ᠣᠨᠣᠴᠠᠲᠠᠶ ᠪᠠᠷ ᠡᠷᠡᠭᠦᠯᠵᠢᠭᠦᠯᠬᠦ ᠵᠠᠷᠤᠳᠠᠯ ᠢ 215.3 ᠲᠦᠮᠡᠨ ᠲᠥᠭᠦᠷᠢᠭ ᠪᠠᠭᠤᠯᠭᠠᠵᠤ᠂ ᠲᠤᠰᠠᠯᠠᠬᠤ ᠪᠠᠭᠠᠵᠢ ᠭᠡᠷᠡᠭᠰᠡᠯ ᠢ ᠤᠷᠤᠭᠤᠯᠬᠤ ᠵᠠᠷᠤᠳᠠᠯ ᠢ 478.3 ᠲᠦᠮᠡᠨ ᠲᠥᠭᠦᠷᠢᠭ ᠪᠠᠭᠤᠯᠭᠠᠨ᠂ ᠡᠷᠡᠭᠦᠯᠵᠢᠯ ᠤᠨ ᠦᠢᠯᠡᠴᠢᠯᠡᠭᠡ ᠬᠦᠷᠳᠡᠭᠰᠡᠨ ᠵᠡᠮᠳᠡᠭ ᠬᠦᠮᠤᠠ ᠤ ᠲᠤᠭ᠎ᠠ 10673 ᠬᠦᠷᠴᠦ᠂ ᠲᠤᠰᠠᠯᠠᠬᠤ ᠪᠠᠭᠠᠵᠢ ᠬᠡᠷᠡᠭᠰᠡᠯ ‍ᠤᠯᠵᠦ ᠲᠤᠬᠢᠷᠠᠭᠤᠯᠤᠭᠰᠠᠨ ᠵᠡᠮᠳᠡᠭ ᠬᠦᠮᠤᠠ ᠤ ᠲᠤᠭ᠎ᠠ 6647 ᠪᠤᠯᠤᠭᠰᠠᠨ ᠪᠠᠶᠢᠨ᠎ᠠ ᠃ ᠪᠠᠰᠠ 1759.77 ᠲᠦᠮᠡᠨ ᠲᠥᠭᠦᠷᠢᠭ ᠤᠨ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠵᠠᠷᠤᠳᠠᠯ ᠪᠠᠭᠤᠯᠭᠠᠵᠤ᠂ ᠪᠥᠬᠦ ᠠᠶᠢᠮᠠᠭ ᠤᠨ 1273 ᠵᠡᠮᠳᠡᠭ ᠬᠡᠤᠬᠡᠳ ᠢ ᠠᠪᠤᠷᠠᠨ ᠲᠤᠰᠠᠯᠠᠪᠠ᠃ ︽ᠵᠡᠮᠳᠡᠭ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠡᠮᠳᠡᠭ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠨᠠᠰᠤ ᠶᠢ 10 ᠪᠦᠬᠦᠯᠢ ᠨᠠᠰᠤ ᠬᠦᠷᠲᠡᠯ᠎ᠡ ᠥᠷᠭᠡᠳᠭᠡᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠮᠦᠨ ᠳᠤᠮᠳᠠᠴᠢ ᠪᠠᠷ 1.5 ᠲᠦᠮᠡᠨ ᠲᠥᠭᠦᠷᠢᠭ ᠪᠠᠶᠢᠭᠰᠠᠨ ᠠᠴᠠ ᠨᠢ 2 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃      ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠠᠢ᠃ ᠪᠡᠶ᠎ᠡ ᠶᠢᠨ ᠲᠠᠮᠢᠷ ᠤᠨ ᠰᠣᠶᠣᠯ ᠢ ᠵᠡᠮᠳᠡᠭ ᠬᠦᠮᠤᠰ ᠤᠨ ᠭᠡᠷ ᠪᠦᠯᠢ ᠳᠤ ᠬᠦᠷᠬᠡᠬᠦ ︽ᠲᠠᠪᠤᠨ ᠨᠢᠭᠡ︾ ᠶᠢᠨ ᠠᠵᠢᠯᠯᠠᠭ᠎ᠠ ᠶᠢ ᠥᠷᠨᠢᠭᠦᠯᠵᠦ᠂ 875 ᠵᠡᠮᠳᠡᠭ ᠬᠦᠮᠤᠰ ᠢ ᠬᠠᠪᠰᠤᠷᠤᠨ ᠨᠡᠶᠢᠭᠡᠮ ᠤᠨ ᠬᠦᠳᠡᠯᠭᠡᠭᠡᠨ ᠳᠤ ᠤᠷᠤᠯᠴᠠᠭᠤᠯᠵᠤ᠂ ᠤᠶᠤᠨ ᠤ ᠪᠠ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠪᠠ᠃ ᠡᠬᠦᠨ ᠤ ᠬᠠᠮᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠯᠵᠡᠶᠢᠲᠦ ᠮᠣᠷᠢᠨ ᠡᠳ᠋ᠯᠡᠯ ᠤᠨ ᠦᠢᠯᠡᠳᠪᠦᠷᠢ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠦ ᠶᠢᠨ ᠦᠨᠳᠦᠰᠦᠲᠡᠨ ᠤ ᠬᠦᠭᠵᠢᠮᠳᠡᠬᠦᠷ ᠦᠢᠯᠡᠳᠬᠦ ᠭᠠᠵᠠᠷ ᠵᠡᠷᠬᠡ ᠰᠣᠶᠣᠯ ᠤᠨ ᠡᠭᠦᠳᠦᠯᠲᠡ ᠶᠢᠨ ᠰᠠᠭᠤᠷᠢᠨ ᠭᠠᠵᠠᠷ ᠢ ᠲᠤᠰ ᠲᠤᠰ ᠰᠢᠨ᠎ᠡ ᠪᠠᠷ ᠪᠠᠶᠢᠭᠤᠯᠵᠠᠢ       ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠴᠢᠩᠭ᠎ᠠ ᠠᠩᠬᠠᠷᠴᠤ᠂ ᠠᠮᠢᠳᠤᠷᠠᠯ ᠨᠢ ᠬᠦᠴᠢᠷᠳᠡᠯᠳᠠᠢ ᠵᠡᠮᠳᠡᠭ ᠬᠦᠮᠤᠰ ᠤᠨ ᠬᠡᠷ ᠪᠦᠯᠢ ᠶᠢᠨ ᠤᠷᠤᠨ ᠰᠠᠭᠤᠴᠠ ᠶᠢᠨ ᠲᠤᠳᠤᠷᠠᠬᠢ ᠰᠠᠭᠠᠳ ᠥᠬᠡᠶ ᠣᠷᠴᠢᠨ ᠲᠣᠭᠤᠷᠢᠨ ᠢ ᠦᠬᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠠᠢ᠃ 2021 ᠣᠨ ᠠᠴᠠ ᠨᠠᠭᠠᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠲᠥᠯᠥᠪᠯᠡᠭᠡ ︵2021 — 2025︶︾ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠨᠡᠶᠢᠲᠡ 1389.08 ᠲᠦᠮᠡᠨ ᠲᠥᠭᠦᠷᠢᠭ ᠤᠨ ᠪᠡᠯᠡ ᠵᠠᠷᠤᠴᠠᠭᠤᠯᠵᠦ᠂ ᠶᠠᠳᠠᠭᠤ ᠠᠴᠠ ᠠᠩᠬᠢᠵᠢᠷᠠᠭᠰᠠᠨ ᠵᠡᠮᠳᠡᠭ ᠬᠦᠮᠤᠰ ᠤᠨ ᠬᠡᠷ ᠪᠦᠯᠢ ᠳᠤ ᠰᠠᠭᠠᠳ ᠥᠬᠡᠶ ᠣᠷᠴᠢᠨ ᠲᠣᠭᠤᠷᠢᠨ ᠢ ᠦᠬᠡᠷᠡᠴᠢᠯᠡᠨ ᠰᠠᠶᠢᠵᠢᠷᠠᠭᠤᠯᠬᠤ ᠡᠬᠦᠷᠬᠡ ᠶᠢ ᠨᠡᠶᠢᠳᠡ 3562 ᠬᠤᠪᠢ ᠪᠡᠶᠡᠯᠡᠭᠦᠯᠵᠡᠶ᠃   ︵ᠯᠦᠸᠧ ᠰᠢᠤᠸᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号