12 ᠰᠠᠷ᠎ᠠ ᠶᠢᠨ 12 ᠤᠨ ᠡᠳᠤᠷ᠂ ︽ᠯᠢᠨ ᠬᠠᠢ ᠬᠤᠷᠴᠠ ᠰᠡᠯᠡᠮ᠎ᠡ︾ ᠭᠡᠬᠦ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠢᠭᠡᠴᠢ ᠶᠢᠨ ᠲᠤᠰᠬᠠᠢ ᠠᠵᠢᠯᠯᠠᠭ᠎ᠠ ᠷᠠᠰᠢᠶᠠᠨ ᠬᠤᠳᠠ ᠳᠤ ᠶᠠᠪᠣᠬᠳᠡᠵᠡᠢ᠃ ᠲᠤᠰ ᠠᠵᠢᠯᠯᠠᠭ᠎ᠠ ᠶᠢ ︽ | ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠪᠤᠯ ᠤᠨ ᠤᠯᠠᠷᠢᠯ ᠤᠨ ᠨᠡᠶᠢᠭᠡᠮ ᠤᠨ ᠠᠮᠤᠷ ᠢ | ᠬᠠᠮᠠᠭᠠᠯᠠᠬᠤ ᠲᠤᠭᠤᠷᠢᠨ ᠰᠡᠷᠭᠡᠶᠢᠯᠡᠬᠦ ᠲᠤᠰᠬᠠᠢ ᠠᠵᠢᠯᠯᠠᠭ᠎ᠠ︾ ᠪᠠᠷ ᠠᠵᠠ ᠲᠤᠬᠢᠶᠠᠯ ᠪᠤᠯᠭᠠᠵᠤ᠂ ᠬᠦᠬᠡᠮᠳᠦᠭ | ᠨᠤᠭᠤᠭᠠᠨ ᠠᠭᠤᠯᠠ ᠤᠰᠤ ᠶᠢ ᠬᠠᠮᠠᠭᠠᠯᠠᠨ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠷᠠᠰᠢᠶᠠᠨ | ᠬᠤᠳᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠬᠦᠴᠦᠨ ᠴᠢᠳᠠᠯ ᠬᠤᠷᠠᠮᠳᠤᠭᠤᠯᠬᠤ ᠶᠢ | ᠠᠬᠢᠭᠤᠯᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠬᠤ ᠴᠠᠭᠳᠠᠭ᠎ᠠ ᠶᠢᠨ ᠲᠡᠷᠭᠡᠨ ᠡᠩᠨᠡᠭᠡ ᠲᠡᠷᠢ | ᠲᠡᠭᠰᠢ᠂ ᠳ᠋ᠧᠩ ᠤᠨ ᠬᠡᠷᠡᠯ ᠭᠢᠯᠠᠯᠵᠠᠨ᠂ ᠳᠠᠶᠢᠯᠠᠯᠳᠤᠭᠠᠨ ᠳᠤ ᠣᠷᠣᠯᠴᠠᠭᠰᠠᠨ ᠠᠷᠠᠳ ᠤᠨ ᠲᠤᠰᠠᠯᠠᠬᠤ | ᠴᠠᠭᠳᠠᠭ᠎ᠠ ᠶᠢᠨ ᠲᠦᠷᠢ ᠲᠦᠷᠬᠦ ᠨᠢ ᠲᠥᠪ ᠴᠢᠩᠭ᠎ᠠ ᠪᠠᠶᠢᠵᠤ᠂ ᠮᠣᠷᠳᠠᠬᠤ ᠪᠠᠷ ᠪᠡᠯᠡᠬᠡᠨ ᠪᠠᠶᠢᠯ᠎ᠠ᠃ ᠷᠠᠰᠢᠶᠠᠨ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠷᠡᠰ ᠵᠣᠷᠢᠭ ᠢᠶᠠᠨ ᠢᠯᠡᠷᠡᠭᠦᠯᠪᠡ᠃ | ᠷᠠᠰᠢᠶᠠᠨ ᠬᠤᠲᠠ ᠶᠢᠨ ︽ᠯᠢᠨ ᠬᠠᠶ ᠬᠤᠷᠴᠠ ᠰᠡᠯᠡᠮ᠎ᠡ︾ ᠠᠵᠢᠯᠯᠠᠭ᠎ᠠ ᠵᠢᠩᠬᠢᠨᠢ ᠪᠠᠷ ᠡᠬᠢᠯᠡᠬᠦ ᠶᠢ ᠳᠠᠭᠠᠯᠳᠤᠨ᠂ | ᠠᠷᠠᠳ ᠤᠨ ᠲᠤᠰᠠᠯᠠᠬᠤ ᠴᠠᠭᠳᠠᠭ᠎ᠠ ᠨᠠᠷ ᠦᠳᠲᠡᠷ ᠲᠦᠷᠭᠡᠨ ᠪᠣᠳᠠᠲᠤ ᠠᠵᠢᠯᠯᠠᠭ᠎ᠠ ᠳᠤ ᠣᠷᠣᠯᠴᠠᠨ᠂ ᠬᠡᠭᠡᠷ᠎ᠡ ᠶᠢᠨ | ᠠᠮᠢᠲᠠᠨ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠠᠨ ᠶᠠᠯᠠᠳᠣ ᠠᠵᠢᠯᠯᠠᠭ᠎ᠠ᠂ ᠠᠶᠤᠯ ᠲᠦᠭᠰᠢᠭᠦᠷᠢᠳᠡᠢ ᠬᠡᠮ | ᠰᠣᠭᠤᠭ ᠲᠠᠢ ᠠᠵᠢᠯᠯᠠᠭ᠎ᠠ ᠳᠤ ᠬᠤᠷᠴᠠ ᠰᠢᠷᠣᠬᠦᠨ ᠳᠠᠭᠠᠷᠢᠯᠲᠠ ᠶᠠᠪᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠷᠠᠰᠢᠶᠠᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠠᠮᠤᠷ ᠲᠦᠪᠰᠢᠨ ᠳᠤ | ᠬᠦᠴᠣᠨ ᠴᠢᠳᠡᠯ ᠢᠶᠠᠨ ᠡᠷᠬᠦᠨ᠎ᠠ᠃ |